ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠰᠢᠭᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ ᠵᠢᠶᠠ ᠪᠦᠦ ᠯᠢᠶᠠᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/10/8
     9 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ  ᠨᠠᠶᠢᠮᠠᠳᠤᠭᠠᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ᠢ ᠤᠯᠠᠮᠵᠢᠯᠠᠨ ᠰᠤᠷᠤᠯᠴᠠᠪᠠ︔ ᠮᠠᠨ ᠤ ᠬᠤᠰᠢᠭᠤᠨ ᠤ ᠡᠮᠦᠨ᠎ᠡ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠪᠣᠯᠤᠨ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠠᠶᠤᠯᠭᠦᠶ  ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠪᠥᠬᠦ ᠬᠤᠰᠢᠭᠤᠨ ᠤ ᠳᠥᠷᠪᠡᠳᠦᠭᠡᠷ ᠤᠯᠠᠷᠢᠯ ᠤᠨ ᠠᠵᠢᠯ ᠢ ᠪᠠᠶᠢᠷᠢᠯᠠᠭᠤᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠪᠠ ᠡᠯᠪᠡᠭ ᠪᠠᠶᠠᠯᠢᠭ ᠠᠭᠤᠯᠤᠭᠳᠠᠬᠤᠨ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ᠂ ᠤᠷᠮᠠᠰᠢᠭᠤᠯᠬᠤ᠂  ᠦᠢᠯᠡᠴᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠯᠢᠳᠡᠭ ᠰᠠᠶᠢᠨ ᠣᠷᠴᠢᠨ ᠲᠣᠭᠤᠷᠢᠨ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠲᠡᠭᠦᠯᠳᠡᠷ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ‍ᠤᠨ‌ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ᠂ ᠠᠬᠢᠭᠤᠯᠬᠤ᠂ ᠪᠠᠲᠤᠯᠠᠬᠤ ᠦᠢᠯᠡᠳᠦᠯ ᠢ ᠴᠢᠩᠭᠠᠳᠬᠠᠨ ᠪᠠᠳᠠᠷᠠᠭᠤᠯᠵᠤ᠂ ᠨᠡᠩ ᠥᠨᠳᠥᠷ ᠱᠠᠭᠠᠷᠳᠠᠯᠭ᠎ᠠ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ  ᠬᠡᠮᠵᠢᠶ᠎ᠡ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ  ᠬᠦᠢᠴᠡᠳ ᠲᠠᠨᠢᠵᠤ᠂ ᠨᠠᠷᠢᠨ ᠣᠨᠣᠪᠴᠢᠲᠠᠶ ᠡᠵᠡᠮᠰᠢᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠬᠠᠤᠯᠢ ᠶᠣᠰᠣᠭᠠᠷ ᠵᠥᠷᠢᠴᠡᠯ ᠢ ᠠᠷᠢᠯᠭᠠᠨ᠂ ᠠᠰᠠᠭᠤᠳᠠᠯ ᠢ  ᠰᠢᠢᠳᠪᠦᠷᠢᠯᠡᠵᠦ᠂ ᠨᠠᠩ ᠶᠡᠭᠡ ᠡᠷᠴᠢᠮ ᠢᠶᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠡᠷᠡᠭ ᠢ ᠳᠠᠭᠠᠭᠠᠴᠢᠯᠠᠬᠤ ᠤᠳᠤᠷᠢᠳᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠶ᠃ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠵᠦᠢᠯᠡᠰ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠪᠡᠷᠬᠡ ᠰᠡᠳᠦᠪ ᠢ  ᠰᠢᠢᠳᠪᠦᠷᠢᠯᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠬᠠᠮᠠᠭᠠᠯᠠᠬᠤ ᠡᠨᠡᠬᠦ ᠬᠥᠪᠴᠢ ᠶᠢ ᠴᠠᠭ ᠢᠮᠠᠭᠲᠠ ᠦᠭᠡᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠨ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠪᠡᠯᠴᠢᠭᠡᠷᠯᠡᠭᠦᠯᠬᠦ ᠶᠢ ᠬᠦᠷᠢᠶᠡᠯᠡᠵᠦ ᠪᠢᠲᠡᠭᠦᠮᠵᠢᠯᠡᠭᠰᠡᠨ ᠦᠷ᠎ᠡ ᠪᠦᠲᠦᠭᠡᠯ ᠢᠶᠠᠨ ᠦᠨᠡᠨᠬᠦ ᠪᠠᠬᠢᠵᠢᠭᠦᠯᠬᠦ ᠬᠡᠷᠡᠭᠲᠡᠶ᠃      ᠬᠤᠷᠠᠯ ᠠᠴᠠ᠂ ᠤᠳᠤ ᠨᠢᠭᠡᠨᠲᠡ ᠵᠢᠯ ᠤᠨ ᠡᠴᠦᠰ ᠤᠨ ᠬᠠᠮ ᠳᠠᠶᠢᠯᠠᠯᠳᠤᠭᠠᠨ᠂ ᠶᠡᠭᠡ ᠰᠢᠢᠳᠪᠦᠷᠢᠲᠦ ᠳᠠᠶᠢᠯᠠᠯᠳᠤᠭᠠᠨ ᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠯ᠎ᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠭᠤᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠪᠦᠬᠦᠨ ᠢ ᠪᠣᠳᠠᠲᠠᠢ ᠨᠠᠶᠢᠳᠠᠪᠤᠷᠢᠵᠢᠭᠤᠯᠵᠤ᠂ 2022 ᠣᠨ ᠤ ᠠᠵᠤ ᠠᠬᠤᠢ ᠶᠢᠨ ᠰᠠᠶᠢᠨ ᠰᠠᠶᠢᠬᠠᠨ ᠡᠬᠢᠯᠡᠯᠲᠡ ᠳᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠨᠠᠮ ᠤᠨ ᠭᠡᠰᠢᠭᠦᠨ ᠤᠳᠤᠷᠢᠳᠬᠤ ᠺᠠᠳ᠋ᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠬᠤᠰᠢᠭᠤᠨ ᠳᠤ ︽ᠠᠵᠢᠯ ᠬᠢᠬᠦ ᠶᠢ ᠪᠤᠳᠤᠬᠤ︾᠂ ︽ᠠᠵᠢᠯ  ᠬᠢᠵᠦ ᠴᠢᠳᠠᠬᠤ︾᠂ ︽ᠠᠵᠢᠯ ᠬᠢᠬᠦ ᠶᠢ ᠪᠦᠲᠦᠭᠡᠬᠦ︾ ᠰᠠᠶᠢᠨ ᠰᠠᠶᠢᠬᠠᠨ ᠬᠡᠪ ᠰᠤᠷᠲᠠᠯ ᠢ ᠪᠤᠶ ᠪᠣᠯᠭᠠᠵᠤ᠂ ᠲᠠᠰᠤᠷᠠᠯᠲᠠ ᠥᠬᠡᠶ ᠰᠤᠷᠤᠯᠴᠠᠵᠤ ᠤᠷᠤᠭᠰᠢᠯᠠᠨ ᠳᠠᠪᠰᠢᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠦᠶ᠋ᠯᠡᠰ ᠪᠦᠲᠦᠭᠡᠬᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠬᠦᠴᠢᠷ ᠪᠡᠷᠬᠡᠰᠢᠶᠡᠯ ᠢ ᠳᠤᠲᠠᠭᠤ ᠶᠠᠷᠢᠬᠤ᠂ ᠠᠷᠭ᠎ᠠ ᠢᠯᠡᠭᠦᠬᠡᠨ ᠪᠣᠳᠣᠯᠬᠢᠯᠠᠬᠤ᠂ ᠬᠦᠯᠢᠶᠡᠬᠦ ᠥᠬᠡᠶ ᠲᠦᠰᠢᠭᠯᠡᠬᠦ ᠥᠬᠡᠶ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠠᠶᠢᠨ ᠰᠠᠶᠢᠬᠠᠨ ᠰᠤᠷᠲᠠᠯ ᠢ ᠪᠣᠶ ᠪᠣᠯᠭᠠᠵᠤ᠂ ᠰᠤᠷᠲᠠᠯ ᠤᠨ ᠬᠤᠪᠢᠷᠠᠭᠤᠯᠤᠯᠲᠠ ᠪᠠᠷ ᠡᠯ᠎ᠡ ᠵᠦᠶ᠋ᠯ ᠤᠨ ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠡᠭᠡ ᠳᠡᠭᠡᠭᠰᠢᠯᠡᠯᠲᠡ ᠶᠢ ᠳᠥᠯᠭᠢᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号