9 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠷᠤᠯᠠᠭᠴᠢ | ᠬᠤᠰᠢᠭᠤᠨ ᠲᠠᠷᠤᠭ᠎ᠠ ᠱᠢ ᠵᠥᠩ ᠴᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ | ᠠᠬᠤᠶ ᠶᠢᠨ ᠠᠵᠢᠯᠯᠠᠭᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠠᠵᠢᠯ ᠢ ᠰᠤᠳᠤᠯᠵᠠᠶ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠡᠮᠦᠨ᠎ᠡ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠶ ᠵᠠᠳᠠᠯᠤᠨ | ᠳ᠋ᠦᠩᠨᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠳᠠᠷᠤᠯᠲᠠ ᠪᠠ | ᠥᠷᠢᠰᠥᠯᠳᠦᠭᠡᠨ ᠢ ᠢᠳᠡᠪᠬᠢᠲᠡᠶ ᠪᠠᠷ ᠢᠯᠠᠨ ᠳᠠᠪᠠᠵᠤ᠂ ᠰᠡᠳᠬᠢᠮᠵᠢ ᠪᠠᠨ ᠲᠣᠳᠣᠷᠬᠠᠶ ᠪᠣᠯᠭᠠᠨ᠂ ᠠᠷᠭᠠᠴᠠᠬᠤ | ᠪᠣᠳᠣᠯᠭ᠎ᠠ ᠪᠠᠨ ᠳᠣᠭᠢᠷᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠳᠥᠷᠪᠡᠳᠦᠭᠡᠷ ᠤᠯᠠᠷᠢᠯ ᠤᠨ | ᠠᠵᠢᠯ ᠢᠶᠠᠨ ᠨᠠᠷᠢᠨ ᠬᠢᠨᠠᠮᠠᠭᠠᠶ ᠲᠥᠯᠥᠪᠯᠡᠵᠦ᠂ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠪᠥᠬᠦ ᠵᠢᠯ ᠤᠨ | ᠬᠠᠷᠠᠯᠲᠠ ᠶᠢᠨ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ | ᠲᠤᠰᠬᠠᠢ ᠲᠦᠷᠦᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ | ᠥᠭᠡᠷᠡᠴᠢᠯᠡᠬᠦ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ | ᠡᠭᠦᠷᠭᠡ ᠪᠠᠨ ᠲᠠᠨᠢᠵᠤ ᠠᠪᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ | ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ | ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠥᠭᠡᠷᠡᠴᠢᠯᠡᠨ | ᠰᠠᠶᠢᠵᠢᠷᠠᠭᠤᠯᠬᠤ ᠠᠷᠭ᠎ᠠ ᠬᠡᠯᠪᠡᠷᠢ ᠶᠢ ᠵᠣᠬᠢᠰᠲᠠᠢ ᠰᠣᠩᠭᠤᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠨᠢᠭᠡ ᠡᠷᠦᠬᠡ ᠶᠢ ᠥᠭᠡᠷᠡᠴᠢᠯᠡᠨ ᠨᠢᠭᠡ ᠡᠷᠦᠬᠡ ᠪᠣᠯᠭᠠᠵᠤ᠂ ᠨᠢᠭᠡ | ᠡᠷᠦᠬᠡ ᠶᠢ ᠬᠡᠷᠡᠭᠯᠡᠵᠦ᠂ ᠨᠢᠭᠡ ᠡᠷᠦᠬᠡ ᠶᠢ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ |