ᠮᠠᠨ ᠤ ᠬᠤᠰᠢᠭᠤ3 —11 ᠨᠠᠰᠤᠨ ᠤ ᠬᠡᠥᠬᠡᠳ ᠤᠳ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ  ᠤᠨ  ᠸᠠᠺᠼᠢᠨ  ᠲᠠᠷᠢᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2021/11/18
     ᠦᠷᠭᠡᠨ ᠤᠯᠠᠨ ᠵᠠᠯᠠᠭᠤ ᠪᠠᠭᠠᠴᠣᠣᠯ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠮᠡᠨᠳᠦ  ᠶᠢ ᠬᠠᠮᠠᠭᠠᠯᠠᠵᠦ ᠤᠯᠠᠨ ᠲᠦᠮᠡᠨ ᠤ ᠲᠤᠮᠳᠠ ᠦᠯᠦ ᠬᠠᠯᠳᠠᠭᠠᠬᠤ ᠴᠢᠳᠠᠯ ᠢ ᠪᠤᠢ ᠪᠤᠯᠭᠠᠬᠤ ᠶᠢᠨ ᠲᠦᠯᠦᠭᠡ᠂ ᠤᠯᠤᠰ ᠂ ᠦᠪᠡᠷᠳᠡᠬᠡᠨ ᠵᠠᠰᠠᠬᠤ ᠤᠷᠤᠨ᠂ ᠪᠤᠭᠤᠳᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ  ᠤ ᠲᠠᠷᠢᠯᠭ᠎ᠠ ᠶᠢᠨ ᠠᠵᠢᠯ ᠤᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ᠂11  ᠰᠠᠷ᠎ᠠ ᠶᠢᠨ10 ᠤ ᠡᠳᠦᠷ ᠠᠴᠠ ᠡᠬᠢᠯᠡᠨ᠂ ᠮᠠᠨ ᠤ ᠬᠤᠰᠢᠭᠤ3 —11 ᠨᠠᠰᠤᠨ ᠤ ᠬᠡᠥᠬᠡᠳ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠺᠠᠼᠢᠨ ᠲᠠᠷᠢᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃
     ᠮᠠᠨ ᠤ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠪᠤᠯᠤᠨ ᠬᠡᠥᠬᠡᠳ ᠤᠨ ᠴᠡᠴᠡᠷᠯᠢᠭ ᠤᠨ ᠬᠡᠥᠬᠡᠳ ᠤᠳ  ᠪᠠᠭᠰᠢ ᠪᠤᠯᠤᠨ ᠭᠡᠷ ᠤᠨ ᠠᠬᠠᠮᠠᠳ ᠤᠨ ᠲᠠᠭᠠᠭᠤᠯᠭ᠎ᠠ ᠪᠠᠷ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠤᠨ ᠲᠠᠷᠢᠯᠭ᠎ᠠ ᠶᠢᠨ ᠴᠡᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠬᠤ ᠠᠬᠤᠢ ᠲᠠᠯᠠᠪᠠᠢ ᠳᠤ᠂ ᠠᠩᠭᠢ ᠪᠠᠷ ᠨᠢᠭᠡᠴᠢ ᠪᠤᠯᠭᠠᠨ ᠠᠮᠠᠪᠴᠢ ᠪᠠᠨ ᠵᠡᠭᠦᠵᠦ᠂ ᠵᠦᠪᠰᠢᠶᠡᠷᠡᠯ ᠤᠨ ᠪᠢᠴᠢᠭ ᠲᠠᠭᠯᠠᠨ ᠨᠢᠭᠡ ᠮᠧᠲᠷ ᠤᠨ ᠵᠠᠢ ᠲᠠᠢ  ᠵᠢᠠᠠᠰᠠᠵᠦ᠂ ᠤᠷᠢᠳᠴᠢᠯᠠᠨ ᠪᠠᠶᠢᠴᠠᠭᠠᠨ ᠲᠠᠩᠰᠠᠯᠠᠬᠤ ᠵᠡᠷᠭᠡ ᠠᠯᠬᠤᠮ ᠲᠠᠷᠠᠭ᠎ᠠ ᠪᠠᠷ ᠸᠠᠺᠼᠢᠨ  ᠤ ᠲᠠᠷᠢᠯᠭ᠎ᠠ ᠬᠢᠵᠦ ᠪᠠᠶᠢᠯ᠎ᠠ᠃
     ᠡᠮᠴᠢ ᠰᠤᠪᠢᠯᠠᠭᠴᠢ ᠠᠴᠠ ᠭᠡᠷ ᠤᠨ ᠠᠬᠠᠮᠠᠳ ᠪᠤᠯᠤᠨ ᠰᠤᠷᠤᠭᠴᠢᠳ ᠲᠤ ᠲᠠᠷᠢᠯᠭ᠎ᠠ ᠬᠢᠭᠰᠡᠨ ᠤ ᠲᠠᠷᠠᠭᠠᠬᠢ ᠢᠳᠡᠭᠡᠨ ᠤᠮᠳᠠᠭᠠᠨ ᠵᠢᠴᠢ ᠬᠡᠳᠦᠷᠬᠡᠢ ᠬᠦᠳᠡᠯᠭᠡᠭᠡᠨ ᠬᠢᠬᠦ ᠪᠤᠶᠤ ᠶᠠᠳᠠᠷᠠᠬᠤ ᠠᠴᠠ ᠵᠠᠶᠢᠯᠠᠰᠬᠢᠬᠦ ᠵᠡᠷᠭᠡ ᠠᠩᠬᠠᠷᠬᠤ ᠵᠦᠢᠯᠡᠰ ᠢ ᠰᠠᠨᠠᠭᠤᠯᠵᠦ᠂ ᠸᠠᠺᠼᠢᠨ ᠤ ᠲᠠᠷᠢᠯᠭ᠎ᠠ ᠶᠢᠨ ᠪᠦᠬᠦ ᠶᠠᠪᠤᠴᠠ ᠦᠨᠳᠦᠷ ᠪᠦᠳᠦᠮᠵᠢᠳᠡᠢ᠂ ᠡᠮᠬᠢ ᠲᠢᠭᠯᠢᠮ  ᠲᠠᠢ ᠶᠠᠪᠤᠭᠳᠠᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号