ᠲᠦᠷᠭᠡᠨ ᠬᠦᠷᠭᠡᠯᠳᠡ ᠶᠢᠨ ᠡᠳ᠋ ᠪᠤᠳᠠᠰ ᠢ ᠬᠦᠯᠢᠲᠡᠨ ᠠᠪᠬᠤ ᠳᠤ ᠠᠩᠬᠠᠷᠬᠤ ᠴᠢᠬᠤᠯᠠ ᠲᠠᠢ ᠵᠦᠢᠯᠡᠰ
ᠨᠡᠶᠢᠲᠡᠯᠡᠭᠰᠡᠨ ᠴᠠᠭ᠄
2021/11/18
     ᠬᠢᠵᠢᠭ ᠤᠨ ᠬᠤᠭᠤᠴᠠᠭᠠᠨ ᠳᠤ ᠲᠦᠷᠭᠡᠨ ᠬᠦᠷᠭᠡᠯᠳᠡ ᠶᠢᠨ ᠡᠳ᠋ ᠪᠤᠳᠠᠰ ᠢ ᠬᠦᠯᠢᠶᠡᠨ ᠠᠪᠬᠤ ᠳᠤ ᠠᠷᠢᠭᠤᠳᠬᠠᠯ ᠤᠨ ᠠᠵᠢᠯ ᠢ ᠰᠠᠶᠢᠳᠣᠷ ᠬᠢᠬᠦ ᠴᠢᠬᠤᠯᠠ ᠲᠠᠢ  ᠃ ᠲᠡᠭᠡᠪᠡᠯ ᠴᠤᠬᠤᠮ ᠶᠠᠭᠠᠬᠢᠵᠦ ᠠᠷᠢᠭᠤᠳᠬᠠᠯ ᠬᠢᠪᠡᠯ ᠰᠠᠶ᠋ᠢ ᠲᠦᠷᠭᠡᠨ ᠬᠦᠷᠭᠡᠯᠳᠡ ᠶᠢᠨ ᠡᠳ᠋ ᠪᠤᠳᠠᠰ ᠢᠶᠠᠷ ᠲᠠᠮᠵᠢᠨ ᠬᠢᠵᠢᠭ ᠬᠠᠯᠳᠠᠪᠤᠷᠢᠯᠠᠬᠤ ᠠᠴᠠ ᠰᠡᠷᠭᠡᠶᠢᠯᠡᠵᠦ   ᠴᠢᠳᠠᠬᠤ ᠪᠤᠢ︖
     ᠨᠢᠭᠡ᠂ ᠲᠦᠷᠭᠡᠨ ᠬᠦᠷᠭᠡᠯᠳᠡ ᠶᠢᠨ ᠡᠳ᠋ ᠪᠤᠳᠠᠰ ᠢ ᠬᠤᠷᠢᠶᠠᠨ ᠠᠪᠬᠤ ᠠᠴᠠ ᠡᠮᠦᠨ᠎ᠡ      ᠭᠠᠳᠠᠭᠰᠢ ᠭᠠᠷᠬᠤ ᠠᠴᠠ ᠪᠠᠨ ᠡᠮᠦᠨ᠎ᠡ ᠬᠤᠪᠢ ᠬᠦᠮᠦᠨ   ᠤ ᠰᠡᠷᠭᠡᠶᠢᠯᠡᠯᠳᠡ ᠬᠠᠮᠠᠭᠠᠯᠠᠯᠳᠠ ᠶᠢ ᠰᠠᠶᠢᠳᠤᠷ ᠬᠢᠵᠦ᠂ ᠠᠮᠠᠪᠴᠢ ᠪᠠᠨ ᠰᠠᠶᠢᠳᠤᠷ ᠵᠡᠭᠦᠵᠦ᠂ ᠨᠦᠬᠦᠴᠡᠯ ᠲᠠᠢ ᠪᠤᠯ ᠨᠢᠭᠡ ᠯᠡ ᠤᠳᠠᠭ᠎ᠠ ᠬᠡᠷᠡᠭᠯᠡᠬᠦ ᠪᠡᠭᠡᠯᠡᠢ ᠵᠡᠭᠦᠵᠦ᠂  75% ᠤᠨ ᠰᠺᠢᠷᠲ ᠪᠤᠶᠤ ᠡᠾᠯᠤᠷᠳᠦ ᠠᠷᠢᠭᠤᠳᠬᠭᠴᠢ ᠴᠠᠭᠠᠰᠦ ᠠᠪᠴᠦ ᠶᠠᠪᠤᠬᠤ ᠶᠢ ᠰᠠᠨᠠᠭᠤᠯᠤᠶ᠎ᠠ᠃ ᠲᠡᠷᠡ ᠲᠤᠤᠷ᠎ᠠ ᠪᠠᠨ ᠭᠠᠷ ᠤᠨ ᠦᠰᠦᠭ ᠵᠢᠷᠤᠵᠦ ᠬᠤᠷᠢᠶᠠᠨ ᠠᠪᠬᠤ ᠴᠢᠬᠤᠯᠠ ᠲᠠᠢ ᠪᠤᠯ ᠦᠪᠡᠷᠳᠡᠭᠡᠨ ᠪᠢᠷ ᠢᠶᠠᠨ ᠠᠪᠴᠦ ᠶᠠᠪᠤᠬᠤ ᠬᠡᠷᠡᠭᠳᠡᠢ᠃      ᠬᠤᠶᠠᠷ᠂ ᠲᠦᠷᠬᠡᠨ ᠬᠦᠷᠭᠡᠯᠳᠡ ᠶᠢᠨ ᠡᠳ᠋ ᠪᠤᠳᠠᠰ ᠢ ᠬᠤᠷᠢᠶᠠᠨ ᠠᠪᠬᠤ ᠦᠶ᠎ᠡ ᠳᠤ      ᠲᠦᠷᠭᠡᠨ ᠬᠦᠷᠭᠡᠯᠳᠡ ᠶᠢᠨ ᠡᠳ᠋ ᠪᠤᠳᠠᠰ ᠢ ᠬᠤᠷᠢᠶᠠᠨ ᠠᠪᠬᠤ ᠳᠤ ᠪᠠᠨ ᠬᠦᠷᠦᠯᠴᠡᠬᠦ ᠦᠭᠡᠢ ᠪᠠᠷ ᠬᠤᠷᠢᠶᠠᠨ ᠠᠪᠬᠤ ᠶᠢᠨ ᠬᠠᠮᠳᠦ ᠤᠯᠠᠭᠤᠯᠠ ᠴᠤᠭᠯᠠᠷᠠᠬᠤ ᠠᠴᠠ ᠵᠠᠶᠢᠯᠠᠰᠬᠢᠬᠤ ᠬᠡᠷᠡᠭᠳᠡᠢ᠃ ᠲᠦᠷᠭᠡᠨ ᠬᠦᠷᠭᠡᠯᠳᠡ ᠶᠢᠨ ᠬᠤᠷᠭᠤ  ᠪᠠᠷ ᠲᠠᠮᠵᠢᠭᠤᠯᠵᠦ ᠲᠦᠷᠭᠡᠨ ᠬᠦᠷᠭᠡᠯᠳᠡ ᠶᠢᠨ ᠡᠳ᠋ ᠪᠤᠳᠠᠰ ᠢ ᠬᠤᠷᠢᠶᠠᠨ ᠠᠪᠬᠤ ᠶᠢ ᠰᠠᠨᠠᠭᠠᠴᠢᠯᠠᠵᠦ᠂ ᠡᠨᠡ ᠨᠢ ᠲᠦᠷᠭᠡᠨ ᠬᠦᠷᠭᠡᠯᠳᠡ ᠶᠢᠨ ᠠᠵᠢᠯᠳᠠᠨ ᠤ ᠴᠠᠭ ᠢ ᠠᠷᠪᠢᠯᠠᠬᠤ ᠶᠢᠨ ᠬᠠᠮᠳᠦ ᠪᠠᠰᠠ ᠪᠤᠰᠤᠳ ᠲᠠᠢ ᠨᠢᠭᠤᠷᠳᠠᠨ ᠠᠭᠤᠯᠵᠠᠬᠤ ᠠᠴᠠ ᠵᠠᠶᠢᠯᠠᠰᠬᠢᠵᠦ ᠴᠢᠳᠠᠨ᠎ᠠ᠃ ᠭᠠᠷ ᠤᠨ ᠦᠰᠦᠭ ᠵᠢᠷᠦᠵᠦ ᠬᠤᠷᠢᠶᠠᠨ ᠠᠪᠬᠤ ᠪᠤᠶᠤ ᠮᠦᠷᠯᠡᠬᠦ ᠳᠤ  ᠪᠠᠨ ᠴᠦᠮ ᠲᠦᠷᠭᠡᠨ ᠬᠦᠷᠭᠡᠭᠴᠢ ᠵᠢᠴᠢ ᠪᠤᠰᠤᠳ ᠬᠦᠮᠦᠨ ᠲᠠᠢ1 ᠮᠧᠲᠷ ᠠᠴᠠ ᠲᠡᠭᠡᠭᠰᠢᠬᠢ ᠠᠮᠤᠷ ᠲᠦᠪᠰᠢᠨ ᠤ ᠵᠠᠢ ᠶᠢ ᠪᠠᠳᠤᠯᠠᠵᠦ᠂ ᠴᠤᠭᠯᠠᠷᠠᠬᠤ ᠠᠴᠠ ᠵᠠᠶᠢᠯᠠᠰᠬᠢᠬᠤ ᠬᠡᠷᠡᠭᠳᠡᠢ᠃      ᠭᠤᠷᠪᠠ᠂ ᠲᠦᠷᠭᠡᠨ ᠬᠦᠷᠭᠡᠯᠳᠡ ᠶᠢᠨ  ᠡᠳ᠋  ᠪᠤᠳᠠᠰ ᠢ ᠬᠤᠷᠢᠶᠠᠨ ᠠᠪᠤᠭᠰᠠᠨ ᠤ ᠲᠠᠷᠠᠭ᠎ᠠ      ᠡᠳ᠋  ᠪᠤᠳᠠᠰ ᠢᠶᠠᠨ ᠬᠤᠷᠢᠶᠠᠨ ᠠᠪᠤᠭᠰᠠᠨ ᠤ ᠲᠠᠷᠠᠭ᠎ᠠ ᠲᠦᠷᠭᠡᠨ ᠬᠦᠷᠭᠡᠯᠳᠡ ᠶᠢᠨ ᠪᠤᠭᠤᠳᠠᠯ ᠪᠠᠭᠯᠠᠭ᠎ᠠ ᠶᠢ ᠲᠡᠷᠡ ᠲᠠᠷᠤᠢ ᠳᠤᠨᠢ ᠠᠷᠢᠭᠤᠳᠬᠠᠬᠤ ᠬᠡᠷᠡᠭᠳᠡᠢ᠃ ᠬᠡᠷᠪᠡ ᠠᠷᠢᠭᠤᠳᠭᠠᠬᠤ ᠪᠠᠭᠠᠵᠢ ᠦᠭᠡᠢ ᠪᠤᠯ ᠨᠢᠭᠡ ᠯᠡ ᠤᠳᠠᠭ᠎ᠠ ᠬᠡᠷᠡᠭᠯᠡᠬᠦ ᠪᠡᠬᠡᠯᠡᠢ ᠵᠡᠬᠦᠬᠦ ᠪᠤᠶᠤ ᠴᠠᠭᠠᠰᠤ ᠪᠠᠷ ᠪᠠᠷᠢᠵᠦ᠂ ᠰᠢᠭᠤᠤᠳ ᠭᠠᠷ ᠢᠶᠠᠷ ᠢᠶᠠᠨ ᠬᠦᠷᠦᠯᠴᠡᠬᠦ ᠠᠴᠠ ᠵᠠᠶᠢᠯᠠᠰᠬᠢᠨ᠎ᠠ᠃ ᠲᠦᠷᠭᠡᠨ ᠬᠦᠷᠭᠡᠯᠳᠡ ᠶᠢᠨ ᠪᠤᠭᠤᠳᠠᠯ ᠪᠠᠭᠯᠠᠭ᠎ᠠ ᠶᠢ ᠠᠯᠢ ᠴᠢᠳᠠᠬᠤ ᠪᠠᠷ ᠲᠤᠬᠠᠢ ᠶᠢᠨ ᠭᠠᠵᠠᠷ  ᠲᠤᠨᠢ ᠵᠠᠳᠠᠯᠵᠦ ᠰᠢᠢᠳᠪᠦᠷᠢᠯᠡᠨ᠎ᠡ᠃  ᠵᠠᠳᠠᠯᠤᠭᠰᠠᠨ ᠤ ᠲᠠᠷᠠᠭ᠎ᠠ ᠭᠠᠷ ᠢᠶᠠᠨ ᠠᠷᠢᠭᠤᠳᠬᠠᠵᠦ ᠡᠳ᠋ᠪᠤᠳᠠᠰ ᠢ ᠭᠠᠷᠭᠠᠨ ᠠᠪᠤᠨ᠎ᠠ᠂ ᠲᠦᠷᠭᠡᠨ ᠬᠦᠷᠭᠡᠯᠳᠡ ᠶᠢᠨ ᠭᠠᠳᠠᠷ ᠪᠤᠭᠤᠳᠠᠯ ᠪᠠᠭᠯᠠᠭ᠎ᠠ ᠶᠢ ᠠᠯᠢ ᠴᠢᠳᠠᠬᠤ ᠪᠠᠷ ᠭᠡᠷ ᠲᠤ ᠪᠠᠨ  ᠠᠪᠠᠴᠢᠬᠤ ᠦᠭᠡᠢ ᠪᠠᠶᠢᠬᠤ ᠬᠡᠷᠡᠭᠳᠡᠢ᠃
     ᠲᠦᠷᠪᠡ᠂ ᠭᠡᠷ ᠲᠤ ᠪᠠᠨ ᠬᠠᠷᠢᠭᠰᠠᠨ ᠤ ᠲᠠᠷᠠᠭ᠎ᠠ      ᠪᠤᠭᠤᠳᠠᠯ ᠪᠠᠭᠯᠠᠭ᠎ᠠ ᠶᠢ ᠨᠢ ᠭᠡᠷ ᠲᠤ ᠪᠠᠨ ᠬᠠᠷᠢᠵᠦ ᠵᠠᠳᠠᠯᠬᠤ ᠴᠢᠬᠤᠯᠠ ᠲᠠᠢ  ᠵᠦᠢᠯᠡᠰ ᠢ ᠭᠡᠷ ᠲᠤ ᠪᠠᠨ ᠬᠠᠷᠢᠭᠰᠠᠨ ᠤ ᠲᠠᠷᠠᠭ᠎ᠠ ᠲᠠᠷᠤᠶᠢᠬᠠᠨ ᠵᠠᠳᠠᠯᠵᠦ᠂ ᠠᠷᠢᠭᠤᠳᠬᠠᠭᠰᠠᠨ ᠤ ᠲᠠᠷᠠᠭ᠎ᠠ ᠲᠠᠷᠤᠶᠢᠬᠠᠨ ᠵᠠᠳᠠᠯᠵᠦ᠂ ᠠᠷᠢᠭᠤᠳᠬᠠᠭᠰᠠᠨ ᠤ ᠲᠠᠷᠠᠭ᠎ᠠ ᠪᠤᠭᠤᠳᠠᠯ ᠪᠠᠭᠯᠠᠭ᠎ᠠ ᠶᠢ ᠨᠢ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠱᠠᠭᠠᠷᠳᠠᠯᠭ᠎ᠠ ᠶᠤᠰᠤᠭᠠᠷ᠂ ᠠᠯᠢ ᠲᠦᠷᠭᠡᠨ ᠢᠶᠠᠷ ᠲᠤᠬᠢᠳᠡᠢ ᠰᠢᠢᠳᠪᠦᠷᠢᠯᠡᠬᠦ ᠬᠡᠷᠡᠭᠳᠡᠢ᠃ ᠪᠦᠬᠦ ᠶᠠᠪᠤᠴᠠ ᠶᠢ ᠲᠠᠭᠤᠰᠬᠠᠭᠰᠠᠨ ᠤ ᠲᠠᠷᠠᠭ᠎ᠠ ᠰᠠᠪᠤᠩ ᠲᠠᠢ ᠰᠢᠩᠭᠡᠨ ᠪᠤᠶᠤ ᠭᠠᠷ ᠤᠬᠢᠶᠠᠬᠤ ᠰᠢᠩᠭᠡᠨ ᠢᠶᠠᠷ ᠤᠷᠤᠰᠬᠠᠯ ᠠᠷᠢᠭᠤᠳᠬᠠᠬᠤ ᠠᠴᠠ ᠡᠮᠦᠨ᠎ᠡ ᠭᠠᠷ ᠢᠶᠠᠷ ᠢᠶᠠᠨ ᠬᠦᠯᠦᠰᠦ ᠪᠠᠨ ᠵᠦᠯᠬᠦᠬᠦ ᠪᠤᠶᠤ ᠨᠢᠳᠦ᠂ ᠬᠠᠮᠠᠷ ᠠᠮᠠ ᠲᠠᠢ ᠪᠠᠨ ᠬᠦᠷᠦᠯᠴᠡᠭᠦᠯᠵᠦ  ᠪᠤᠯᠬᠤ ᠦᠭᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号