ᠮᠠᠨ ᠤ ᠬᠤᠰᠢᠭᠤᠨ ᠤ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠶᠢᠨ  ᠺᠠᠳ᠋ᠷ ᠤᠯᠠᠨ ᠲᠦᠮᠡᠨ ᠨᠠᠮ  ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/11/18
     11 ᠰᠠᠷ᠎ᠠ ᠶᠢᠨ8 ᠠᠴᠠ11 ᠤ ᠡᠳᠦᠷ ᠪᠤᠯᠳᠠᠯ᠎ᠠ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠡᠭᠡᠵᠢᠩ ᠳᠤ ᠬᠤᠷᠠᠯᠳᠤᠵᠦ᠂ ᠬᠤᠷᠠᠯ ᠠᠴᠠ ︽ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠳᠠ ᠪᠤᠯᠤᠨ ᠲᠡᠥᠬᠡ ᠶᠢᠨ ᠲᠤᠷᠰᠢᠯᠭ᠎ᠠ ᠶᠢᠨ ᠲᠤᠬᠠᠢ ᠰᠢᠢᠳᠪᠦᠷᠢ︾ ᠶᠢ ᠬᠢᠨᠠᠨ ᠵᠦᠪᠯᠡᠵᠦ ᠪᠠᠳᠤᠯᠠᠪᠠ᠃
     ᠪᠦᠬᠦᠳᠡ ᠬᠤᠷᠠᠯ ᠤᠨ ᠠᠯᠪᠠᠨ ᠮᠡᠳᠡᠭᠡ ᠶᠢ ᠨᠡᠶᠢᠳᠡᠯᠡᠭᠰᠡᠨ ᠤ ᠲᠠᠷᠠᠭ᠎ᠠ ᠮᠠᠨ ᠤ ᠬᠤᠰᠢᠭᠤ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠶᠢᠨ ᠺᠠᠳ᠋ᠷ ᠤᠯᠠᠨ ᠲᠦᠮᠡᠨ ᠢ ᠵᠤᠬᠢᠶᠠᠨ ᠪᠠᠶᠢᠭᠤᠯᠵᠦ ᠲᠡᠷᠡ ᠲᠠᠷᠤᠢ ᠳᠤᠨᠢ ᠬᠦᠯᠢᠶᠡᠨ ᠠᠪᠴᠦ ᠦᠵᠡᠨ᠂ ᠨᠠᠷᠢᠨ ᠬᠢᠨᠠᠮᠠᠭᠠᠢ ᠰᠤᠷᠤᠯᠴᠠᠵᠦ᠂ ᠤᠯᠠᠨ ᠢᠶᠠᠷ ᠢᠶᠠᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠦᠰᠡᠯᠡᠩ ᠢᠳᠡᠭᠡᠯ ᠢᠶᠠᠨ ᠪᠠᠳᠤᠳᠬᠠᠵᠦ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠢᠷᠭᠠᠭᠤ ᠬᠠᠳᠠᠭᠤᠵᠢᠯᠳᠡᠢ ᠠᠵᠢᠯᠯᠠᠵᠦ᠂ ᠡᠷᠡᠯᠬᠡᠭᠯᠡᠨ ᠤᠷᠤᠭᠰᠢᠯᠠᠵᠦ᠂ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠦ ᠠᠬᠤᠢ ᠨᠡᠶᠢᠭᠡᠮ ᠤᠨ ᠴᠢᠨᠠᠷ ᠰᠠᠶᠢᠳᠤᠢ ᠬᠦᠭᠵᠢᠯᠳᠡ ᠶᠢᠨ ᠰᠢᠨ᠎ᠡ ᠬᠠᠭᠤᠳᠠᠰᠦ ᠶᠢ ᠴᠢᠷᠮᠠᠶᠢᠨ ᠪᠢᠴᠢᠭᠯᠡᠨ᠎ᠡ ᠬᠡᠵᠦ ᠢᠯᠡᠳᠭᠡᠪᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号