ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠦᠮᠵᠢ
ᠨᠡᠶᠢᠲᠡᠯᠡᠭᠰᠡᠨ ᠴᠠᠭ᠄
2021/11/19
ᠭᠠᠷᠴᠠᠭ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠤᠮᠵᠢ        01 ᠶᠡᠷᠦᠩᠬᠡᠶ ᠲᠦᠷᠢᠮ          02 ᠵᠣᠬᠢᠶᠠᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠰᠢᠰᠲ᠋ᠧᠮ        03 ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ          04 ᠪᠠᠴᠢᠮ ᠢ ᠠᠷᠭᠠᠴᠠᠭᠠᠬᠤ ᠠᠵᠢᠯᠯᠠᠭ᠎ᠠ          05  ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ          06  ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ        ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠤᠮᠵᠢ  ᠪᠡᠯᠡᠳᠬᠡᠯ ᠲᠥᠰᠦᠯ ᠤᠨ ᠨᠡᠷᠡᠶᠢᠳᠦᠯ      01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ      02 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠮᠦᠷᠯᠢᠭ ᠬᠠᠶᠢᠯᠤᠭᠤᠯᠬᠤ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠤᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ      03 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ      04 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ      05 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ      06 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ      07 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ      08 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ      09  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ    1 ᠶᠡᠷᠦᠩᠬᠡᠶ ᠳᠦᠷᠢᠮ   ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠤᠮᠵᠢ ᠶᠡᠷᠦᠩᠬᠡᠶ ᠲᠦᠷᠢᠮ 1.  ᠨᠠᠶᠢᠷᠠᠭᠤᠯᠤᠭᠰᠠᠨ ᠵᠣᠷᠢᠯᠭ᠎ᠠ      ᠠᠷᠠᠳ ᠲᠦᠮᠡᠨ  ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠦᠨ ᠤ ᠦᠬᠦᠯ ᠰᠢᠷᠬᠠᠲᠤᠯ᠂ ᠡᠳ᠋ ᠬᠦᠷᠦᠩᠭᠡ ᠶᠢᠨ ᠬᠤᠬᠢᠷᠠᠯ᠂ ᠣᠷᠴᠢᠨ ᠠᠬᠤᠶ ᠶᠢᠨ ᠡᠪᠳᠡᠭᠳᠡᠯ ᠪᠠ ᠨᠡᠶᠢᠭᠡᠮ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠠᠮᠤᠷ ᠲᠦᠪᠰᠢᠨ᠂ ᠣᠷᠴᠢᠨ ᠲᠣᠭᠤᠷᠢᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ 2. ᠠᠵᠢᠯ ᠤᠨ ᠵᠠᠷᠴᠢᠮ       ︵1︶ ᠬᠥᠮᠦᠨ ᠢᠶᠠᠷ ᠦᠨᠳᠦᠰᠦ ᠪᠣᠯᠭᠠᠵᠤ᠂ ᠬᠤᠣᠷ ᠬᠥᠨᠥᠭᠡᠯ ᠢ ᠪᠠᠭᠠᠰᠬᠠᠨ᠎ᠠ᠃ ᠵᠠᠰᠠᠭ ᠤᠨ ᠣᠷᠳᠣᠨ ᠤ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠤᠯᠠᠨ ᠨᠡᠶᠢᠲᠡ ᠶᠢᠨ ᠡᠷᠡᠭᠦᠯ ᠮᠡᠨᠳᠤ ᠪᠠ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠡᠨᠡᠳᠲᠡ ᠶᠢᠨ ᠬᠡᠷᠡᠭ ᠵᠢᠴᠢ ᠬᠥᠮᠦᠨ ᠤ ᠦᠬᠦᠯ ᠰᠢᠷᠬᠠᠲᠤᠯ ᠪᠠ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃       ︵2︶ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠬᠡᠷᠡᠭᠲᠡᠶ᠃ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠨ᠎ᠡ᠃ ᠲᠥᠭᠰᠢᠭᠦᠷᠢ ᠶᠢᠨ ᠤᠬᠠᠮᠰᠠᠷ ᠢᠶᠠᠨ ᠨᠡᠮᠡᠭᠳᠡᠭᠦᠯᠦᠨ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠤᠶᠠᠯᠳᠤᠭᠤᠯᠬᠤ᠂ ᠬᠡᠪ ᠤᠨ ᠪᠠᠶᠢᠳᠠᠯ ᠪᠠ ᠬᠡᠪ ᠤᠨ ᠪᠤᠰᠤ ᠪᠠᠶᠢᠳᠠᠯ ᠢ ᠤᠶᠠᠯᠳᠤᠭᠤᠯᠬᠤ ᠶᠢ ᠪᠠᠷᠢᠮᠲᠠᠯᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃       ︵3︶ ᠨᠢᠭᠡᠳᠦᠯᠲᠡᠶ ᠪᠠᠷ ᠤᠳᠤᠷᠢᠳᠴᠤ᠂ ᠱᠠᠳᠤ ᠬᠤᠪᠢᠶᠠᠨ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠥᠷᠥᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠬᠠᠷᠢᠶ᠎ᠠ ᠣᠷᠣᠨ ᠤ ᠬᠠᠮᠢᠶᠠᠷᠤᠯᠲᠠ ᠪᠠᠷ ᠭᠤᠤᠯ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠬᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠢᠯᠣᠭᠤᠳᠬᠤ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵4︶ ᠬᠠᠤᠯᠢ ᠲᠣᠭᠲᠠᠭᠠᠯ ᠶᠣᠰᠣᠭᠠᠷ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠴᠢᠩᠭᠠᠳᠬᠠᠨ᠂ ᠤᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠢ ᠵᠢᠷᠤᠮᠵᠢᠭᠤᠯᠵᠤ᠂ ᠳᠦᠷᠢᠮᠵᠢᠭᠦᠯᠵᠦ᠂ ᠬᠠᠤᠯᠢᠵᠢᠭᠤᠯᠬᠤ ᠬᠡᠷᠡᠭᠲᠡᠶ᠃      ︵5︶ ᠲᠦᠷᠭᠡᠨ ᠢᠶᠠᠷ ᠬᠠᠷᠢᠭᠤ ᠲᠤᠰᠬᠠᠯ ᠭᠠᠷᠭᠠᠵᠤ᠂ ᠬᠠᠮᠵᠢᠯᠴᠠᠨ ᠠᠷᠭᠠᠴᠠᠭᠠᠬᠤ ᠬᠡᠷᠡᠭᠲᠠᠢ᠃ ᠬᠠᠷᠢᠶ᠎ᠠ ᠭᠠᠵᠠᠷ ᠤᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠦᠷᠢᠮ ᠢ ᠪᠠᠶᠢᠭᠤᠯᠤᠨ᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠦᠢᠯᠡᠳᠦᠯ ᠢ ᠭᠦᠢᠴᠡᠳ ᠳᠠᠶᠢᠴᠢᠯᠠᠬᠤ ᠪᠠ ᠪᠠᠳᠠᠷᠠᠭᠤᠯᠵᠤ᠂ ᠣᠯᠠᠨ ᠨᠡᠶᠢᠲᠡ ᠶᠢᠨ ᠬᠦᠴᠦᠨ ᠳᠤ ᠲᠦᠰᠢᠭᠯᠡᠨ᠂ ᠨᠢᠭᠡᠳᠦᠯᠲᠡᠶ ᠵᠢᠯᠣᠭᠤᠳᠬᠤ᠂ ᠲᠤᠰᠬᠠᠯ ᠰᠣᠷᠭᠤᠭ᠂ ᠴᠢᠳᠠᠮᠵᠢ ᠪᠦᠷᠢᠨ᠂ ᠵᠣᠬᠢᠴᠠᠩᠭᠤᠶ ᠡᠮᠬᠢ ᠵᠢᠷᠤᠮ ᠲᠠᠢ᠂ ᠠᠵᠢᠯᠯᠠᠭᠠᠨ ᠥᠨᠳᠥᠷ ᠦᠷ᠎ᠡ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃      ︵6︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠵᠦ᠂ ᠬᠡᠪ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠤᠯᠠᠨ ᠨᠡᠶᠢᠲᠡ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ ᠲᠡᠷᠢᠭᠦᠨ ᠤ ᠪᠠᠶᠢᠴᠠᠭᠠᠨ ᠰᠢᠯᠭᠠᠬᠤ᠂ ᠤᠷᠢᠳᠴᠢᠯᠠᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠷᠭᠡᠵᠢᠯ ᠵᠢᠴᠢ ᠲᠥᠬᠦᠭᠡᠷᠦᠮᠵᠢ ᠶᠢ ᠬᠡᠷᠡᠭᠯᠡᠨ᠂ ᠲᠤᠰᠬᠠᠶ ᠮᠡᠷᠭᠡᠵᠢᠯᠲᠡᠨ ᠤ ᠡᠩᠨᠡᠭᠡ ᠪᠠ ᠲᠤᠰᠬᠠᠶ ᠮᠡᠷᠭᠡᠵᠢᠯ ᠤᠨ ᠠᠵᠢᠯᠳᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠪᠠ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠵᠦ᠂  ᠳᠠᠬᠢᠨ ᠬᠡᠷᠡᠭ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠤᠬᠠᠭᠤᠯᠭ᠎ᠠ ᠪᠠ ᠪᠣᠯᠪᠠᠰᠤᠷᠠᠭᠤᠯᠤᠯ ᠬᠥᠮᠦᠵᠢᠯ ᠤᠨ ᠠᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠦᠨ᠎ᠡ᠃ 3. ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ      ᠲᠣᠰ ᠲᠥᠰᠦᠯ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠷᠢᠶ᠎ᠠ ᠣᠷᠣᠨ ᠳᠠᠬᠢ ᠭᠡᠨᠡᠳᠲᠡ ᠶᠢᠨ ᠬᠡᠷᠡᠭ ᠲᠤ ᠴᠢᠭᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠣᠯᠤᠨ᠎ᠠ᠃ ᠳᠡᠭᠡᠭᠰᠢ ᠪᠤᠭᠤᠲᠤ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠠᠢ ᠵᠣᠯᠭᠠᠭᠤᠯᠪᠠ︔ ᠳᠣᠷᠣᠭᠰᠢ ᠡᠯ᠎ᠡ ᠰᠤᠮᠤ ᠰᠢᠶᠠᠩ ᠪᠠᠯᠭᠠᠰᠤ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠠᠢ ᠵᠣᠯᠭᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠦᠷᠢᠯᠳᠦᠭᠦᠯᠪᠡ᠃          2 ᠵᠣᠬᠢᠶᠠᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠰᠢᠰᠲ᠋ᠧᠮ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ  ᠪᠡᠯᠡᠳᠬᠡᠯ ᠲᠥᠰᠦᠯ ᠤᠨ ᠲᠠᠶᠢᠯᠤᠮᠵᠢ      ᠵᠣᠬᠢᠶᠠᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠰᠢᠰᠲ᠋ᠧᠮ      ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      1.  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ      2. ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ      3. ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ      4. ᠬᠤᠰᠢᠭᠤᠨ ᠤ ᠭᠠᠵᠠᠷ ᠬᠦᠢᠲᠠᠯᠣᠯᠲᠠ ᠲᠠᠢ ᠲᠡᠮᠡᠴᠡᠨ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ      5. ᠭᠡᠨᠡᠳᠲᠡ ᠡᠭᠦᠰᠬᠦ ᠭᠠᠵᠠᠷ ᠤᠨ ᠭᠠᠮᠰᠢᠭ ᠤᠨ ᠵᠢᠯᠣᠭᠤᠳᠬᠤ ᠭᠠᠵᠠᠷ          6. ᠬᠤᠰᠢᠭᠤᠨ ᠤ ᠭᠠᠮᠰᠢᠭ ᠢ ᠪᠠᠭᠠᠰᠬᠠᠬᠤ ᠵᠥᠪᠯᠡᠯ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠬᠦᠨ      1. ᠶᠡᠷᠦᠩᠬᠡᠶ ᠵᠢᠯᠤᠭᠤᠳᠤᠭᠴᠢ᠄  ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠦᠷᠢᠶᠡᠨ ᠳᠠᠬᠢ ᠬᠤᠪᠢᠳᠠᠨ ᠬᠠᠮᠢᠶᠠᠷᠬᠤ ᠳᠡᠳ᠋  ᠬᠤᠰᠢᠭᠤ ᠳᠠᠷᠤᠭ᠎ᠠ      2. ᠪᠠᠶᠢᠩᠭᠤ ᠶᠢᠨ ᠳᠡᠳ᠋ ᠶᠡᠷᠦᠩᠬᠡᠶ ᠵᠢᠯᠤᠭᠤᠳᠤᠭᠴᠢ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠰᠢᠭᠤ ᠳᠠᠷᠤᠭ᠎ᠠ      3. ᠳᠡᠳ᠋ ᠶᠡᠷᠦᠩᠬᠡᠶ ᠵᠢᠯᠣᠭᠤᠳᠣᠭᠴᠢ᠄ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠦᠷᠢᠶᠡᠨ ᠤ ᠬᠤᠪᠢᠳᠠᠨ ᠬᠠᠮᠢᠶᠠᠷᠬᠤ ᠳᠡᠳ᠋ ᠬᠤᠰᠢᠭᠤ ᠳᠠᠷᠤᠭ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠳᠡᠰ ᠤᠨ ᠳᠠᠷᠤᠭ᠎ᠠ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ᠂ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ          3 ᠮᠡᠳᠡᠭᠡ ᠵᠠᠩᠭᠢ ᠶᠢ ᠮᠡᠳᠡᠭᠦᠯᠬᠦ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠤᠮᠵᠢ     ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ     ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ      1. ᠮᠡᠳᠡᠭᠡ ᠵᠠᠩᠭᠢ ᠶᠢ ᠬᠢᠨᠠᠨ ᠡᠵᠡᠮᠳᠡᠬᠦ ᠪᠠ ᠮᠡᠳᠡᠭᠦᠯᠬᠦ      2. ᠮᠡᠳᠡᠭᠡ ᠵᠠᠩᠭᠢ ᠶᠢ ᠮᠡᠳᠡᠭᠦᠯᠬᠦ ᠪᠠ ᠰᠢᠢᠳᠪᠦᠷᠢᠯᠡᠬᠦ      3. ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ          4 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠤᠮᠵᠢ      ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠳᠡᠰ ᠬᠤᠪᠢᠶᠠᠷᠢᠯᠠᠯ      ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠳᠡᠰ ᠬᠤᠪᠢᠶᠠᠷᠢᠯᠠᠯ     Ⅰ ᠳᠡᠰ ᠤᠨ ᠠᠵᠢᠯᠯᠠᠭ᠎ᠠ         30 ᠠᠴᠠ ᠳᠡᠭᠡᠭᠰᠢ ᠬᠥᠮᠦᠨ ᠠᠳᠡᠭᠰᠡᠨ ᠪᠤᠶᠤ ᠠᠳᠡᠬᠦ ᠠᠶᠤᠯᠳᠠᠢ᠂ 100 ᠠᠴᠠ ᠳᠡᠭᠡᠭᠰᠢ ᠬᠥᠮᠦᠨ ᠰᠢᠷᠬᠠᠳᠤᠭᠰᠠᠨ ᠪᠤᠶᠤ  ᠰᠢᠷᠬᠠᠳᠤᠬᠤ ᠠᠶᠤᠯᠳᠠᠢ     Ⅱ ᠳᠡᠰ ᠤᠨ ᠠᠵᠢᠯᠯᠠᠭ᠎ᠠ      10 ~ 29 ᠬᠥᠮᠦᠨ ᠠᠳᠡᠭᠰᠡᠨ ᠪᠤᠶᠤ ᠠᠳᠡᠬᠦ ᠠᠶᠤᠯᠳᠠᠢ᠂ 50 ~100  ᠬᠥᠮᠦᠨ ᠰᠢᠷᠬᠠᠳᠤᠭᠰᠠᠨ ᠪᠤᠶᠤ  ᠰᠢᠷᠬᠠᠳᠤᠬᠤ ᠠᠶᠤᠯᠳᠠᠢ      Ⅲ ᠳᠡᠰ ᠤᠨ ᠠᠵᠢᠯᠯᠠᠭ᠎ᠠ      3 ~ 9  ᠬᠥᠮᠦᠨ ᠠᠳᠡᠭᠰᠡᠨ ᠪᠤᠶᠤ ᠠᠳᠡᠬᠦ ᠠᠶᠤᠯᠳᠠᠢ᠂ 30 ~ 50  ᠬᠥᠮᠦᠨ ᠰᠢᠷᠬᠠᠳᠤᠭᠰᠠᠨ ᠪᠤᠶᠤ  ᠰᠢᠷᠬᠠᠳᠤᠬᠤ ᠠᠶᠤᠯᠳᠠᠢ      Ⅳ ᠳᠡᠰ ᠤᠨ ᠠᠵᠢᠯᠯᠠᠭ᠎ᠠ      3 ᠠᠴᠠ ᠳᠣᠭᠤᠭᠰᠢ ᠬᠥᠮᠦᠨ ᠠᠳᠡᠭᠰᠡᠨ ᠪᠤᠶᠤ ᠠᠳᠡᠬᠦ ᠠᠶᠤᠯᠳᠠᠢ᠂ 10 ᠠᠴᠠ ᠳᠣᠭᠤᠭᠰᠢ ᠬᠥᠮᠦᠨ ᠰᠢᠷᠬᠠᠳᠤᠭᠰᠠᠨ ᠪᠤᠶᠤ  ᠰᠢᠷᠬᠠᠳᠤᠬᠤ ᠠᠶᠤᠯᠳᠠᠢ    5 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠠᠶᠢᠯᠤᠮᠵᠢ     ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ     ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ     ᠬᠤᠶᠢᠳᠤᠬᠢ ᠶᠠᠪᠤᠳᠠᠯ     ᠲᠣᠰ ᠪᠡᠯᠡᠳᠬᠡᠯ ᠲᠥᠰᠦᠯ ᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠬᠡᠪᠴᠢᠶᠡᠨ ᠳᠠᠬᠢ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠳᠤ ᠬᠡᠷᠡᠭᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ ᠳᠠᠭᠠᠳᠬᠠᠯ      ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠤ ᠲᠠᠷᠠᠭ᠎ᠠ᠂ ᠳᠠᠭᠠᠳᠬᠠᠯ ᠤᠨ ᠪᠠᠶᠢᠭᠤᠯᠤᠮᠵᠢ ᠭᠠᠮᠰᠢᠭᠳᠠᠭᠰᠠᠨ ᠬᠥᠮᠦᠰ ᠤᠨ ᠳᠠᠭᠠᠳᠬᠠᠯ ᠤᠨ ᠲᠥᠯᠥᠪᠦᠷᠢ ᠶᠢᠨ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ ᠠᠵᠢᠯ ᠤᠨ ᠳ᠋ᠦᠩᠨᠡᠯᠲᠡ ᠬᠢᠭᠡᠳ ᠦᠨᠡᠯᠡᠯᠲᠡ      1. ᠬᠤᠰᠢᠭᠤᠨ ᠤ ᠵᠠᠰᠠᠭ ᠤᠨ ᠣᠷᠳᠣᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠢᠯᠲᠠᠭᠠᠨ ᠵᠡᠷᠭᠡ ᠠᠰᠠᠭᠤᠳᠠᠯ ᠳᠤ ᠪᠠᠶᠢᠴᠠᠭᠠᠯᠲᠠ ᠬᠢᠨ᠎ᠠ᠃      2. ᠪᠠᠴᠢᠮ ᠪᠠᠶᠢᠳᠠᠯ ᠳᠠᠭᠤᠰᠤᠭᠰᠠᠨ ᠤ ᠳᠠᠷᠠᠭᠠᠬᠢ 20 ᠠᠵᠢᠯᠯᠠᠬᠤ ᠡᠳᠦᠷ ᠤᠨ ᠳᠣᠲᠣᠷ᠎ᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠪᠡᠶᠡᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠶᠢᠨ ᠬᠠᠮᠲᠤ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠵᠢᠴᠢ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃      3. ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ᠎ᠠ᠃          6 ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ  ᠪᠡᠯᠡᠳᠬᠡᠯ ᠲᠥᠰᠦᠯ ᠤᠨ ᠲᠠᠶᠢᠯᠤᠮᠵᠢ      ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ      ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ      ᠪᠠᠴᠢᠮ ᠪᠠᠶᠢᠳᠠᠯ ᠢ ᠠᠷᠭᠠᠴᠠᠭᠠᠬᠤ ᠲᠤᠰᠠᠯᠠᠮᠵᠢ ᠬᠢᠭᠡᠳ ᠪᠠᠲᠤᠯᠠᠭ᠎ᠠ᠄ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ      ᠮᠡᠷᠭᠡᠵᠢᠯ ᠤᠨ ᠨᠥᠭᠡᠴᠡ ᠬᠢᠭᠡᠳ ᠪᠠᠲᠤᠯᠠᠭ᠎ᠠ ᠤᠬᠠᠭᠤᠯᠬᠤ᠂ ᠪᠣᠯᠪᠠᠰᠤᠷᠠᠭᠤᠯᠬᠤ ᠪᠠ ᠰᠣᠷᠢᠯᠲᠠ ᠬᠢᠬᠦ          ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ     ᠲᠠᠶᠢᠯᠪᠤᠷᠢᠯᠠᠵᠤ ᠳᠠᠭᠤᠰᠪᠠ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号