ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ
ᠨᠡᠶᠢᠲᠡᠯᠡᠭᠰᠡᠨ ᠴᠠᠭ᠄
2021/11/19
ᠲᠠᠶᠢᠯᠪᠣᠷᠢᠭᠠᠷᠴᠠᠭ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ      01   ᠶᠡᠷᠦᠩᠬᠡᠶ ᠲᠦᠷᠢᠮ      02   ᠵᠣᠬᠢᠶᠠᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠰᠢᠰᠲ᠋ᠧᠮ      03 ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ      04 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ      05 ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ      06 ᠪᠣᠯᠪᠠᠰᠤᠷᠠᠯ᠂ ᠤᠬᠠᠭᠤᠯᠭ᠎ᠠ ᠪᠠ ᠰᠣᠷᠢᠯᠲᠠ      1 ᠶᠡᠷᠦᠩᠬᠡᠶ ᠳᠦᠷᠢᠮ       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ           ᠶᠡᠷᠦᠩᠬᠡᠶ ᠲᠦᠷᠢᠮ      1 ᠨᠠᠶᠢᠷᠠᠭᠤᠯᠤᠭᠰᠠᠨ ᠵᠣᠷᠢᠯᠭ᠎ᠠ       ᠠᠷᠠᠳ ᠤᠯᠠᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠦᠨ ᠤ ᠦᠬᠦᠯ ᠰᠢᠷᠬᠠᠲᠤᠯ᠂ ᠡᠳ᠋ ᠬᠦᠷᠦᠩᠭᠡ ᠶᠢᠨ ᠬᠤᠬᠢᠷᠠᠯ᠂ ᠣᠷᠴᠢᠨ ᠠᠬᠤᠶ ᠶᠢᠨ ᠡᠪᠳᠡᠭᠳᠡᠯ ᠪᠠ ᠨᠡᠶᠢᠭᠡᠮ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠠᠮᠤᠷ ᠲᠦᠪᠰᠢᠨ᠂ ᠣᠷᠴᠢᠨ ᠲᠣᠭᠤᠷᠢᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃      2 ᠠᠵᠢᠯ ᠤᠨ ᠵᠠᠷᠴᠢᠮ      ① ᠬᠥᠮᠦᠨ ᠢᠶᠠᠷ ᠦᠨᠳᠦᠰᠦ ᠪᠣᠯᠭᠠᠵᠤ᠂ ᠬᠤᠣᠷ ᠬᠥᠨᠥᠭᠡᠯ ᠢ ᠪᠠᠭᠠᠰᠬᠠᠨ᠎ᠠ᠃ ᠵᠠᠰᠠᠭ ᠤᠨ ᠣᠷᠳᠣᠨ ᠤ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠤᠯᠠᠨ ᠨᠡᠶᠢᠲᠡ ᠶᠢᠨ ᠡᠷᠡᠭᠦᠯ ᠮᠡᠨᠳᠤ ᠪᠠ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠡᠨᠡᠳᠲᠡ ᠶᠢᠨ ᠬᠡᠷᠡᠭ ᠵᠢᠴᠢ ᠬᠥᠮᠦᠨ ᠤ ᠦᠬᠦᠯ ᠰᠢᠷᠬᠠᠲᠤᠯ ᠪᠠ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃     ② ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠬᠡᠷᠡᠭᠲᠡᠶ᠃ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠨ᠎ᠡ᠃ ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠦᠨ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠤᠶᠠᠯᠳᠤᠭᠤᠯᠬᠤ᠂ ᠬᠡᠪ ᠤᠨ ᠪᠠᠶᠢᠳᠠᠯ ᠪᠠ ᠬᠡᠪ ᠤᠨ ᠪᠤᠰᠤ ᠪᠠᠶᠢᠳᠠᠯ ᠢ ᠤᠶᠠᠯᠳᠤᠭᠤᠯᠬᠤ ᠶᠢ ᠪᠠᠷᠢᠮᠲᠠᠯᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃      ③ ᠨᠢᠭᠡᠳᠦᠯᠲᠡᠶ ᠤᠳᠤᠷᠢᠳᠴᠤ᠂ ᠱᠠᠳᠤ ᠬᠤᠪᠢᠶᠠᠨ ᠬᠠᠷᠢᠭᠤᠴᠠᠨ᠎ᠠ᠃ ᠬᠤᠰᠢᠭᠤᠨ ᠵᠠᠰᠠᠭ ᠤᠨ ᠣᠷᠳᠣᠨ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠥᠷᠥᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠬᠠᠷᠢᠶ᠎ᠠ ᠣᠷᠣᠨ ᠤ ᠬᠠᠮᠢᠶᠠᠷᠤᠯᠲᠠ ᠪᠠᠷ ᠭᠤᠤᠯ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠢᠯᠣᠭᠤᠳᠬᠤ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ④ ᠬᠠᠤᠯᠢ ᠲᠣᠭᠲᠠᠭᠠᠯ ᠶᠣᠰᠣᠭᠠᠷ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠴᠢᠩᠭᠠᠳᠬᠠᠨ᠂ ᠤᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠢ ᠵᠢᠷᠤᠮᠵᠢᠭᠤᠯᠵᠤ᠂ ᠳᠦᠷᠢᠮᠵᠢᠭᠦᠯᠵᠦ᠂ ᠬᠠᠤᠯᠢᠵᠢᠭᠤᠯᠬᠤ ᠬᠡᠷᠡᠭᠲᠡᠶ᠃       ⑤ ᠲᠦᠷᠭᠡᠨ ᠢᠶᠠᠷ ᠬᠠᠷᠢᠭᠤ ᠲᠤᠰᠬᠠᠯ ᠭᠠᠷᠭᠠᠵᠤ᠂ ᠬᠠᠮᠵᠢᠯᠴᠠᠨ ᠠᠷᠭᠠᠴᠠᠭᠠᠬᠤ᠃ ᠬᠠᠷᠢᠶ᠎ᠠ ᠭᠠᠵᠠᠷ ᠤᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠦᠷᠢᠮ ᠢ ᠪᠠᠶᠢᠭᠤᠯᠤᠨ᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠦᠢᠯᠡᠳᠦᠯ ᠢ ᠭᠦᠢᠴᠡᠳ ᠳᠠᠶᠢᠴᠢᠯᠠᠬᠤ ᠪᠠ ᠪᠠᠳᠠᠷᠠᠭᠤᠯᠵᠤ᠂ ᠣᠯᠠᠨ ᠨᠡᠶᠢᠲᠡ ᠶᠢᠨ ᠬᠦᠴᠦᠨ ᠳᠤ ᠲᠦᠰᠢᠭᠯᠡᠨ᠂ ᠨᠢᠭᠡᠳᠦᠯᠲᠡᠶ ᠵᠢᠯᠣᠭᠤᠳᠬᠤ᠂ ᠲᠤᠰᠬᠠᠯ ᠰᠣᠷᠭᠤᠭ᠂ ᠴᠢᠳᠠᠮᠵᠢ ᠪᠦᠷᠢᠨ᠂ ᠵᠣᠬᠢᠴᠠᠩᠭᠤᠶ ᠡᠮᠬᠢ ᠵᠢᠷᠤᠮ ᠲᠠᠢ᠂ ᠠᠵᠢᠯᠯᠠᠭᠠᠨ ᠤ ᠥᠨᠳᠥᠷ ᠦᠷ᠎ᠡ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃      ⑥ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠵᠦ᠂ ᠬᠡᠪ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠤᠯᠠᠨ ᠨᠡᠶᠢᠲᠡ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ ᠲᠡᠷᠢᠭᠦᠨ ᠤ ᠪᠠᠶᠢᠴᠠᠭᠠᠨ ᠰᠢᠯᠭᠠᠬᠤ᠂ ᠤᠷᠢᠳᠴᠢᠯᠠᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠷᠭᠡᠵᠢᠯ ᠲᠥᠬᠦᠭᠡᠷᠦᠮᠵᠢ ᠶᠢ ᠬᠡᠷᠡᠭᠯᠡᠨ᠂ ᠲᠤᠰᠬᠠᠶ ᠮᠡᠷᠭᠡᠵᠢᠯᠲᠡᠨ ᠤ ᠡᠩᠨᠡᠭᠡ ᠪᠠ ᠲᠤᠰᠬᠠᠶ ᠮᠡᠷᠭᠡᠵᠢᠯ ᠤᠨ ᠠᠵᠢᠯᠳᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠪᠠ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠵᠦ᠂ ᠡᠭᠦᠰᠦᠮᠡᠯ ᠬᠡᠷᠡᠭ ᠡᠭᠦᠰᠬᠦ᠂ ᠬᠤᠪᠢᠰᠤᠮᠠᠯ ᠬᠡᠷᠡᠭ ᠡᠭᠦᠰᠬᠦ ᠠᠴᠠ ᠵᠠᠶᠢᠯᠠᠰᠬᠢᠬᠦ ᠬᠡᠷᠡᠭᠲᠡᠶ︔ ᠤᠬᠠᠭᠤᠯᠭ᠎ᠠ ᠪᠠ ᠪᠤᠯᠪᠠᠰᠤᠷᠠᠯ ᠬᠥᠮᠦᠵᠢᠯ ᠤᠨ ᠠᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠦᠨ᠎ᠡ᠃      3 ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ    ᠲᠣᠰ ᠲᠥᠰᠦᠯ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠷᠢᠶ᠎ᠠ ᠣᠷᠣᠨ ᠳᠠᠬᠢ ᠭᠡᠨᠡᠳᠲᠡ ᠶᠢᠨ ᠬᠡᠷᠡᠭ ᠲᠤ ᠴᠢᠭᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠣᠯᠤᠨ᠎ᠠ᠃ ᠳᠡᠭᠡᠲᠦ ᠱᠠᠲᠤᠨ ᠤ ᠪᠤᠭᠤᠲᠤ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠠᠢ ᠬᠡᠯᠬᠢᠶᠡᠵᠢᠭᠰᠡᠨ ᠲᠦᠰᠦᠯ︔ ᠳᠤᠤᠷᠠᠲᠤ ᠱᠠᠲᠤᠨ ᠤ ᠡᠯ᠎ᠡ ᠰᠤᠮᠤ ᠰᠢᠶᠠᠩ ᠪᠠᠯᠭᠠᠰᠤ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠣᠯᠤᠨ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠠᠢ ᠬᠡᠯᠬᠢᠶᠡᠵᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ ᠢ ᠪᠦᠷᠢᠯᠳᠦᠭᠦᠯᠪᠡ᠃      2 ᠵᠣᠬᠢᠶᠠᠨ ᠪᠠᠶᠢᠭᠤᠯᠤᠯᠲᠠ ᠶᠢᠨ ᠵᠢᠯᠣᠭᠤᠳᠬᠤ ᠰᠢᠰᠲ᠋ᠧᠮ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ      ᠵᠣᠬᠢᠶᠠᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠰᠢᠰᠲ᠋ᠧᠮ      ᠵᠣᠬᠢᠶᠠᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠰᠢᠰᠲ᠋ᠧᠮ      ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ᠄ ᠬᠤᠰᠢᠭᠤ ᠵᠠᠰᠠᠭ ᠤᠨ ᠣᠷᠳᠣᠨ ᠤ ᠳᠠᠷᠤᠭ᠎ᠠ      ᠳᠡᠳ᠋ ᠶᠡᠷᠦᠩᠬᠡᠶ ᠵᠢᠯᠣᠭᠤᠳᠣᠭᠴᠢ᠄ ᠬᠤᠰᠢᠭᠤ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ ᠳᠠᠷᠤᠭ᠎ᠠ      ᠬᠡᠷᠡᠭ ᠡᠷᠭᠢᠯᠡᠬᠦ ᠪᠠᠶᠢᠭᠤᠯᠤᠮᠵᠢ   ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠬᠡᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠡᠨ ᠤ ᠠᠯᠪᠠᠨ ᠭᠡᠷ      ᠠᠵᠢᠯ ᠤᠨ ᠪᠠᠶᠢᠭᠤᠯᠤᠮᠵᠢ    ᠬᠤᠰᠢᠭᠤ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ      ᠲᠤᠰᠬᠠᠶ ᠮᠡᠷᠭᠡᠵᠢᠯᠲᠡᠨ ᠤ ᠳᠤᠭᠤᠶᠢᠯᠠᠩ    ᠬᠤᠰᠢᠭᠤ ᠵᠠᠰᠠᠭ ᠤᠨ ᠣᠷᠳᠣᠨ ᠪᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠎ᠠ          3 ᠮᠡᠳᠡᠭᠡ ᠵᠠᠩᠭᠢ ᠶᠢ ᠮᠡᠳᠡᠭᠦᠯᠬᠦ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ      ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ      ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ      ᠮᠡᠳᠡᠭᠡ ᠵᠠᠩᠭᠢ ᠶᠢᠨ ᠮᠡᠳᠡᠭᠦᠯᠦᠯᠲᠡ      ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ    ᠬᠡᠷᠡᠭ ᠤᠨ ᠮᠡᠳᠡᠭᠦᠯᠦᠯᠲᠡ  ᠶᠢ ᠲᠤᠰᠬᠤ      ᠤᠷᠢᠳᠴᠢᠯᠠᠨ ᠰᠡᠷᠡᠮᠵᠢᠯᠡᠭᠦᠯᠬᠦ      ᠰᠡᠷᠡᠮᠵᠢᠯᠡᠭᠦᠯᠬᠦ ᠳᠡᠰ ᠤᠨ ᠬᠤᠪᠢᠶᠠᠷᠢᠯᠠᠯ      ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ ᠪᠠ ᠬᠦᠴᠦᠨ ᠦᠭᠡᠢ ᠪᠣᠯᠭᠠᠬᠤ                4 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ       ᠪᠠᠴᠢᠮ ᠢ ᠠᠷᠭᠠᠴᠠᠭᠠᠬᠤ ᠳᠡᠰ ᠬᠤᠪᠢᠶᠠᠷᠢᠯᠠᠯ           ᠡᠩ ᠤᠨ ᠭᠡᠨᠡᠳᠲᠡ ᠶᠢᠨ ᠬᠡᠷᠡᠭ ︵Ⅳ ᠲᠠᠰ︶  ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠬᠠᠮᠢᠶᠠᠷᠤᠯᠲᠠ ᠶᠢᠨ ᠠᠯᠪᠠᠨ ᠬᠡᠷ ᠠᠴᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠬᠡᠷ ᠲᠤ ᠮᠡᠳᠡᠭᠦᠯᠵᠦ ᠦᠨᠡᠯᠡᠨ ᠵᠢᠱᠢᠯᠲᠡ ᠬᠢᠯᠭᠡᠨ᠎ᠡ       ᠨᠡᠯᠢᠶᠡᠳ ᠶᠡᠭᠡ ᠭᠡᠨᠡᠳᠲᠡ ᠶᠢᠨ ᠬᠡᠷᠡᠭ ︵Ⅲ ᠲᠠᠰ︶  ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠬᠡᠷ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠦᠨᠳᠦᠰᠦᠯᠡᠨ ᠦᠨᠡᠯᠡᠨ ᠵᠢᠱᠢᠯᠲᠡ ᠬᠢᠨ᠎ᠠ      ᠬᠦᠨᠳᠦ ᠶᠡᠭᠡ ᠭᠡᠨᠡᠳᠲᠡ ᠶᠢᠨ ᠬᠡᠷᠡᠭ ︵Ⅱ ᠲᠠᠰ︶  ᠬᠤᠰᠢᠭᠤ ᠵᠠᠰᠠᠭ ᠤᠨ ᠣᠷᠳᠣᠨ ᠠᠴᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠬᠡᠷ ᠲᠤ ᠮᠡᠳᠡᠭᠦᠯᠵᠦ᠂ ᠬᠤᠲᠠ ᠶᠢᠨ ᠵᠠᠰᠠᠭ ᠤᠨ ᠣᠷᠳᠣᠨ ᠠᠴᠠ ᠰᠠᠨᠠᠯ ᠳᠤᠷᠠᠳᠴᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠵᠦ ᠳᠡᠰ ᠲᠣᠭᠲᠠᠭᠠᠯᠭᠠᠨ᠎ᠠ      ᠣᠨᠴᠠᠭᠠᠶ ᠬᠦᠨᠳᠦ ᠶᠡᠭᠡ ᠭᠡᠨᠡᠳᠲᠡ ᠶᠢᠨ ᠬᠡᠷᠡᠭ ︵Ⅰ ᠲᠠᠰ︶  ᠬᠤᠰᠢᠭᠤ ᠵᠠᠰᠠᠭ ᠤᠨ ᠣᠷᠳᠣᠨ ᠠᠴᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠬᠡᠷ ᠲᠤ ᠮᠡᠳᠡᠭᠦᠯᠵᠦ᠂ ᠬᠤᠲᠠ ᠶᠢᠨ ᠵᠠᠰᠠᠭ ᠤᠨ ᠣᠷᠳᠣᠨ ᠠᠴᠠ ᠰᠠᠨᠠᠯ ᠳᠤᠷᠠᠳᠴᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠵᠦ ᠳᠡᠰ ᠲᠣᠭᠲᠠᠭᠠᠯᠭᠠᠨ᠎ᠠ      5 ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ      ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ      ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ      ᠲᠤᠬᠠᠶ ᠶᠢᠨ ᠭᠠᠵᠠᠷ ᠲᠤᠨᠢ ᠠᠪᠤᠷᠠᠨ ᠲᠤᠰᠠᠯᠠᠬᠤ ᠪᠠ ᠢᠨᠵᠧᠨᠧᠷᠢᠩ ᠤᠨ ᠠᠶᠤᠯ ᠠᠴᠠ ᠠᠪᠤᠷᠠᠬᠤ ᠲᠣᠨᠣᠭᠯᠠᠯ ᠤᠨ ᠪᠠᠲᠤᠯᠠᠭ᠎ᠠ      ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠪᠠᠲᠤᠯᠠᠭ᠎ᠠ      ᠵᠠᠮ ᠲᠡᠭᠡᠭᠡᠪᠦᠷᠢ ᠶᠢᠨ ᠪᠠᠲᠤᠯᠠᠭ᠎ᠠ      ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ      ᠨᠡᠶᠢᠭᠡᠮ ᠤᠨ ᠠᠮᠤᠷ ᠲᠦᠪᠰᠢᠨ ᠤ ᠪᠠᠲᠤᠯᠠᠭ᠎ᠠ      ᠡᠳ᠋ ᠪᠣᠳᠠᠰ ᠤᠨ ᠪᠠᠲᠤᠯᠠᠭ᠎ᠠ      ᠪᠡᠯᠡ ᠮᠥᠩᠭᠦᠨ ᠤ ᠪᠠᠲᠤᠯᠠᠭ᠎ᠠ      ᠠᠮᠢᠳᠤᠷᠠᠯ ᠤᠨ ᠦᠨᠳᠦᠰᠦᠨ ᠪᠠᠲᠤᠯᠠᠭ᠎ᠠ      ᠬᠥᠮᠦᠨ ᠤ ᠬᠠᠮᠠᠭᠠᠯᠠᠯᠲᠠ      ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ      ᠬᠠᠤᠯᠢ ᠪᠠᠷ ᠵᠠᠰᠠᠬᠤ ᠪᠠᠲᠤᠯᠠᠭ᠎ᠠ      6. ᠤᠬᠠᠭᠤᠯᠭ᠎ᠠ᠂ ᠰᠣᠷᠢᠯᠲᠠ ᠪᠠ ᠪᠤᠯᠪᠠᠰᠤᠷᠠᠯ          ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠤᠨ ᠲᠠᠶᠢᠯᠤᠮᠵᠢ      ᠤᠬᠠᠭᠤᠯᠭ᠎ᠠ᠂ ᠰᠣᠷᠢᠯᠲᠠ ᠪᠠ ᠪᠤᠯᠪᠠᠰᠤᠷᠠᠯ      ᠤᠬᠠᠭᠤᠯᠭ᠎ᠠ᠂ ᠰᠣᠷᠢᠯᠲᠠ ᠪᠠ ᠪᠤᠯᠪᠠᠰᠤᠷᠠᠯ      ᠤᠬᠠᠭᠤᠯᠭ᠎ᠠ ᠪᠠ ᠪᠤᠯᠪᠠᠰᠤᠷᠠᠯ      ᠲᠥᠰᠦᠯ ᠤᠨ ᠰᠣᠷᠢᠯᠲᠠ ᠪᠠ ᠦᠨᠡᠯᠡᠯᠲᠡ    ᠲᠥᠰᠦᠯ ᠤᠨ ᠰᠣᠷᠢᠯᠲᠠ  ᠲᠥᠰᠦᠯ ᠤᠨ ᠦᠨᠡᠯᠡᠨ ᠵᠢᠱᠢᠯᠲᠡ           ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ       ᠲᠠᠶᠢᠯᠪᠤᠷᠢᠯᠠᠵᠤ ᠳᠠᠭᠤᠰᠪᠠ
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号