ᠳᠠᠷᠬᠠᠨ ᠮᠤᠤᠮᠢᠩᠭᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠲᠠᠷᠬᠠᠭᠠᠭᠰᠠᠨ〔2017〕77 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2021/11/19
     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠢ ᠵᠣᠬᠢᠴᠠᠩᠭᠤᠶ ᠪᠠᠷ ᠬᠥᠭᠵᠢᠭᠦᠯᠬᠦ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠤᠨ ᠲᠤᠬᠠᠶ ᠮᠡᠳᠡᠭᠳᠡᠯ          ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠳᠤ᠄      ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠢ ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠠᠢ᠃      ᠳᠠᠭᠠᠯᠳᠤᠭᠤᠯᠤᠯ᠄ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠢ ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾                                        ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2017 ᠣᠨ ᠤ 12 ᠰᠠᠷ᠎ᠠ ᠶᠢᠨ 13 ᠤ ᠡᠳᠦᠷ             ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠲᠤᠬᠠᠶ  ᠬᠡᠷᠡᠭᠵᠢᠭᠦᠯᠬᠦ ᠲᠥᠰᠦᠯ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ 2020 ᠣᠨ ᠪᠣᠯᠬᠤ ᠳᠤ ︽ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠶ ᠬᠠᠷᠠᠯᠲᠠ ᠶᠢ ᠪᠡᠶᠡᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽︿ ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ︵ᠵᠠᠮ ᠬᠠᠷᠢᠯᠴᠠᠭ᠎ᠠ ᠵᠠᠰᠠᠮᠠᠯ ᠵᠠᠮ ᠤᠨ ᠲᠠᠷᠬᠠᠭᠠᠭᠰᠠᠨ ︹ 2015 ︺ 73 ᠳ᠋ᠤᠭᠠᠷ ᠲᠣᠭᠠᠲᠤ ︶ ᠵᠢᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠢ ᠬᠢᠨᠠᠨ ᠵᠢᠯᠣᠭᠤᠳᠴᠤ ᠰᠢᠯᠭᠠᠨ ᠦᠨᠡᠯᠡᠬᠦ ᠠᠷᠭ᠎ᠠ︾ ︵ᠥᠪᠥᠷ ᠵᠠᠮ ᠬᠠᠷᠢᠯᠴᠠᠭ᠎ᠠ  ᠶᠢᠨ ᠲᠠᠷᠬᠠᠭᠠᠭᠰᠠᠨ      ︹ 2017 ︺ 204 ᠳ᠋ᠤᠭᠡᠷ ᠲᠣᠭᠠᠲᠤ︶ ᠶᠢᠨ ᠬᠠᠮᠢᠶ᠎ᠠ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠳᠤ ᠬᠡᠷᠡᠭᠵᠢᠭᠦᠯᠬᠦ ᠲᠥᠰᠦᠯ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠪᠠᠶᠢᠭᠤᠯᠬᠤ ᠪᠠ ᠠᠷᠠᠴᠢᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠮᠢᠶᠠᠷᠬᠤ ᠪᠠ ᠠᠷᠠᠴᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠦᠷᠭᠦᠯᠵᠢᠯᠡᠬᠦ ᠬᠥᠭᠵᠢᠯᠲᠡ ᠶᠢ ᠲᠦᠷᠭᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠤᠰᠢᠭᠤᠴᠢ ᠪᠣᠯᠬᠤ ᠬᠡᠷᠡᠭᠲᠡᠢ᠃      ᠬᠤᠶᠠᠷ᠂ ᠬᠠᠷᠠᠯᠲᠠ ᠡᠭᠦᠷᠭᠡ      ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ᠂ ︽ᠬᠠᠮᠲᠤᠷᠠᠭᠰᠠᠨ ᠪᠠᠶᠢᠯᠳᠤᠭᠠᠨ ᠤ ᠮᠠᠶ᠋ᠢᠭ︾ ᠤᠨ ᠪᠥᠲᠥᠭᠡᠨ ᠪᠠᠶᠢᠭᠤᠯᠤᠯᠲᠠ ᠠᠴᠠ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ ᠳᠠᠰᠢ ᠬᠦᠴᠦᠯᠡᠨ ᠬᠤᠪᠢᠷᠠᠭᠤᠯᠵᠤ᠂ ᠬᠤᠯᠪᠣᠯᠳᠤᠭᠤᠯᠤᠨ ᠨᠡᠪᠲᠡᠷᠡᠭᠦᠯᠬᠦ ᠶᠢ ᠴᠢᠬᠤᠯᠠᠴᠢᠯᠠᠬᠤ ᠠᠴᠠ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠠᠰᠢ ᠬᠤᠪᠢᠷᠠᠭᠤᠯᠤᠨ᠂ ᠪᠥᠲᠥᠭᠡᠨ ᠪᠠᠶᠢᠭᠤᠯᠬᠤ ᠪᠠᠷ ᠭᠤᠤᠯ ᠪᠣᠯᠭᠠᠵᠤ ᠪᠠᠶᠢᠭᠰᠠᠨ ᠠᠴᠠ ᠪᠥᠲᠥᠭᠡᠨ ᠪᠠᠶᠢᠭᠤᠯᠬᠤ ᠬᠠᠮᠢᠶᠠᠷᠬᠤ ᠲᠡᠵᠢᠭᠡᠬᠦ ᠲᠡᠭᠡᠭᠡᠪᠦᠷᠢᠯᠡᠬᠦ ᠶᠢ ᠵᠣᠬᠢᠴᠠᠩᠭᠤᠶ ᠪᠠᠷ ᠬᠥᠭᠵᠢᠭᠦᠯᠬᠦ ᠳᠠᠰᠢ ᠬᠤᠪᠢᠷᠠᠭᠤᠯᠤᠨ᠂ ᠬᠥᠭᠵᠢᠯᠲᠡ ᠳᠤ ᠵᠣᠬᠢᠴᠠᠬᠤ ᠠᠴᠠ ᠬᠥᠭᠵᠢᠯᠲᠡ ᠶᠢ ᠬᠥᠲᠥᠯᠦᠨ ᠳᠠᠭᠠᠭᠤᠯᠬᠤ ᠳᠠᠰᠢ ᠬᠤᠪᠢᠷᠠᠭᠤᠯᠬᠤ ᠬᠡᠷᠡᠭᠲᠡᠶ᠃ ᠬᠥᠭᠵᠢᠯᠲᠡ ᠶᠢᠨ ᠦᠵᠡᠯ ᠰᠠᠨᠠᠭ᠎ᠠ ᠪᠠ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠬᠦ ᠶᠢ ᠪᠡᠶᠡᠯᠡᠭᠦᠯᠵᠦ᠂ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠠᠷᠠᠴᠢᠯᠠᠨ ᠬᠠᠮᠠᠭᠠᠯᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠮ ᠪᠠᠶᠢᠪᠠᠯ ᠵᠠᠪᠠᠯ ᠠᠷᠠᠴᠢᠯᠠᠬᠤ᠂ ᠵᠠᠮ ᠤᠨ ᠦᠢᠯᠡᠳᠪᠦᠷᠢᠯᠡᠯ ᠵᠠᠮ ᠤᠨ ᠡᠷᠬᠡ ᠶᠢ ᠪᠦᠲᠦᠮᠵᠢᠲᠡᠶ ᠬᠠᠮᠠᠭᠠᠯᠠᠬᠤ᠂ ᠵᠠᠮ ᠤᠨ ᠣᠷᠴᠢᠨ ᠲᠣᠭᠤᠷᠢᠨ ᠢ ᠭᠤᠶᠢᠳᠠ ᠰᠠᠶᠢᠬᠠᠨ ᠴᠡᠪᠡᠷ ᠲᠡᠭᠰᠢ ᠪᠠᠶᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠬᠤ ᠪᠠᠶᠢᠷᠢᠰᠢᠯ ᠢ ᠦᠨᠳᠦᠰᠦᠨ ᠳᠡᠭᠡᠨ ᠪᠣᠶ ᠪᠣᠯᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠭᠤᠯᠬᠤ ᠱᠠᠭᠠᠷᠳᠠᠯᠭ᠎ᠠ ᠳᠤ ᠵᠣᠬᠢᠴᠠᠭᠤᠯᠤᠨ᠎ᠠ᠃      ᠭᠤᠷᠪᠠ᠂ ᠬᠠᠷᠢᠭᠤᠴᠠᠯᠭ᠎ᠠ   ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ      ︵ᠨᠢᠭᠡ︶ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠢ ᠬᠠᠷᠢᠭᠤᠴᠠᠵᠤ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠲᠡᠭᠡᠭᠡᠪᠦᠷᠢᠯᠡᠬᠦ ᠣᠨ ᠤ ᠲᠥᠯᠥᠪᠯᠡᠭᠡ ᠶᠢ ᠪᠣᠳᠠᠲᠠᠶ ᠵᠢᠯᠣᠭᠤᠳᠤᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠰᠢᠶᠠᠩ ᠤᠨ ᠵᠠᠮ ᠪᠠ ᠲᠣᠰᠬᠤᠨ ᠤ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠬᠢᠨᠠᠨ ᠵᠢᠯᠣᠭᠤᠳᠤᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠣᠷᠣᠨ ᠨᠤᠲᠤᠭ ᠤᠨ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ︵ᠬᠤᠶᠠᠷ︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠣᠰᠬᠤᠨ   ᠳᠤ ᠨᠡᠪᠲᠡᠷᠡᠬᠦ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠬᠠᠪᠰᠤᠷᠤᠨ ᠰᠠᠶᠢᠲᠤᠷ ᠬᠢᠬᠦ ᠶᠢ ᠬᠠᠷᠢᠭᠤᠴᠠᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠠᠴᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠠ︔ ᠬᠠᠷᠢᠶ᠎ᠠ ᠣᠷᠣᠨ ᠤ ᠳᠣᠲᠣᠷᠠᠬᠢ ᠰᠢᠶᠠᠨ ᠤ ᠵᠠᠮ᠂ ᠰᠤᠮᠤᠨ ᠤ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠭᠠᠴᠠᠭᠠᠨ ᠤ ᠵᠠᠮ ᠤᠨ ᠶᠡᠭᠡ ᠳᠤᠮᠳᠠ ᠰᠡᠯᠪᠢᠨ ᠵᠠᠰᠠᠬᠤ ᠢᠨᠵᠧᠨᠧᠷᠢᠩ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠴᠠᠭᠠᠨ ᠤ ᠠᠷᠠᠳ ᠤᠨ ᠵᠥᠪᠯᠡᠯ ᠢ ᠵᠢᠯᠣᠭᠤᠳᠤᠨ ᠭᠠᠴᠠᠭᠠᠨ ᠤ ᠵᠠᠮ ᠤᠨ ᠪᠦᠲᠦᠭᠡᠨ ᠪᠠᠶᠢᠭᠤᠯᠤᠯᠲᠠ ᠪᠠ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠭᠠᠴᠠᠭᠠᠨ ᠤ ᠠᠷᠠᠳ ᠤᠨ ᠵᠥᠪᠯᠡᠯ ᠨᠢ ᠭᠠᠴᠠᠭᠠᠨ ᠤ ᠳᠣᠲᠣᠷᠠᠬᠢ ᠵᠡᠮ ᠤᠨ ᠪᠦᠳᠦᠭᠡᠠ ᠪᠠᠶᠢᠭᠤᠯᠤᠯᠲᠠ ᠵᠢᠴᠢ ᠡᠳᠦᠷ ᠲᠤᠳᠦᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠪᠣᠳᠠᠲᠠᠶ ᠡᠭᠦᠷᠭᠡᠯᠡᠨ᠎ᠡ᠃      ᠳᠥᠷᠪᠡ᠂ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ      ︵ᠨᠢᠭᠡ︶ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠣᠯ ᠪᠣᠯᠭᠠᠭᠰᠠᠨ ᠪᠡᠯᠡ ᠮᠥᠩᠭᠦ ᠶᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠵᠢᠯ ᠪᠦᠷᠢ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ ᠪᠠ ᠡᠵᠡᠩᠨᠡᠯᠲᠡ ᠶᠢᠨ ᠬᠥᠭᠵᠢᠯᠲᠡ ᠶᠢᠨ ᠪᠠᠯᠠ ᠮᠥᠩᠭᠦ ᠶᠢ  ᠬᠤᠰᠢᠭᠤ ᠱᠠᠲᠤᠨ ᠤ ᠡᠳ᠋ ᠤᠨ ᠵᠠᠰᠠᠭ ᠤᠨ ᠣᠨ ᠤ ᠲᠥᠰᠦᠪ ᠲᠤ ᠣᠷᠣᠭᠤᠯᠤᠨ ᠪᠠᠲᠤᠯᠠᠨ᠎ᠠ︔ ᠠᠶᠠᠨᠴᠢᠳ ᠤᠨ ᠲᠡᠭᠡᠭᠡᠪᠦᠷᠢ ᠶᠢᠨ ᠲᠡᠷᠭᠡ ᠶᠢᠨ ᠰᠢᠲᠠᠭᠠᠯᠭ᠎ᠠ ᠶᠢᠨ ᠲᠣᠰᠣ ︵ᠬᠡᠶ︶ ᠶᠢᠨ ᠨᠥᠬᠦᠪᠥᠷᠢ ᠪᠠ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠶᠢᠨ ᠳᠠᠭᠠᠳᠬᠠᠯ ᠤᠨ ᠪᠠᠯᠠ ᠮᠥᠩᠭᠦ ᠶᠢᠨ ᠨᠥᠬᠦᠪᠤᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ᠂ ᠵᠣᠬᠢᠬᠤ ᠡᠳ᠋ ᠤᠨ ᠵᠠᠰᠠᠭ ᠤᠨ ᠪᠠᠯᠠ ᠮᠥᠩᠭᠦ ᠶᠢ ᠳᠣᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠬᠢᠭᠡᠳ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠳᠡᠭᠡᠳᠦ ᠱᠠᠲᠤᠨ ᠤ ᠲᠤᠰᠠᠯᠠᠮᠵᠢ ᠶᠢᠨ ᠪᠡᠯᠡ ᠮᠥᠩᠭᠦ ᠶᠢ ᠢᠳᠡᠪᠬᠢᠲᠡᠶ ᠪᠠᠷ ᠣᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ   ᠤᠨ ᠬᠥᠭᠵᠢᠯᠲᠡ ᠶᠢ ᠬᠠᠪᠰᠤᠷᠬᠤ ᠪᠠ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃      ︵ᠬᠤᠶᠠᠷ︶ ᠪᠠᠯᠠ ᠮᠥᠩᠭᠦ ᠶᠢᠨ ᠠᠷᠭ᠎ᠠ ᠵᠠᠮ ᠢ ᠥᠷᠭᠡᠳᠬᠡᠨ᠎ᠡ᠃ ᠣᠷᠣᠨ ᠨᠤᠲᠤᠭ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ᠂ ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠨᠥᠬᠦᠪᠥᠷᠢ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢᠨ ᠢᠷᠡᠯᠳᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠶᠠᠳᠠᠭᠤ ᠶᠢ ᠲᠡᠳᠬᠦᠬᠦ ᠪᠠ ᠲᠠᠷᠢᠶᠠᠯᠠᠩ ᠳᠤ ᠬᠤᠯᠪᠣᠭᠳᠠᠬᠤ ᠡᠯ᠎ᠡ ᠲᠦᠷᠦᠯ ᠵᠦᠢᠯ ᠤᠨ ᠳᠣᠲᠣᠷᠠᠬᠢ ᠵᠠᠮ ᠬᠠᠷᠢᠯᠴᠠᠭᠠᠨ ᠤ ᠬᠥᠭᠵᠢᠯᠲᠡ ᠳᠤ ᠬᠡᠷᠡᠭᠯᠡᠵᠦ ᠪᠣᠯᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢᠨ ᠣᠷᠣᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠬᠤᠪᠢ ᠬᠥᠮᠦᠨ ᠪᠠ ᠠᠵᠤ ᠠᠬᠤᠶᠢᠯᠠᠯ ᠢ ᠵᠤᠷᠢᠭᠵᠢᠭᠤᠯᠵᠤ ᠳᠡᠳᠡᠨ ᠤ ᠬᠠᠨᠳᠢᠪᠯᠠᠭᠰᠠᠨ ᠵᠣᠭᠤᠰ ᠢ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠵᠠᠷᠤᠴᠠᠭᠤᠯᠤᠨ᠎ᠠ᠃ ᠨᠡᠷ᠎ᠡ ᠬᠠᠳᠠᠬᠤ ᠡᠷᠬᠡ᠂ ᠵᠠᠮ ᠤᠨ ᠬᠠᠵᠠᠭᠤ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠬᠡ᠂ ᠨᠣᠭᠤᠭᠠᠷᠠᠭᠤᠯᠬᠤ ᠡᠷᠬᠡ ᠵᠡᠷᠭᠡ ᠠᠷᠭ᠎ᠠ ᠮᠠᠶ᠋ᠢᠭ ᠢ ᠠᠰᠢᠭᠯᠠᠨ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ︔ ᠮᠠᠯᠴᠢᠨ ᠲᠠᠷᠢᠶᠠᠴᠢᠳ ᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ  ᠬᠠᠤᠯᠢ ᠶᠣᠰᠣᠭᠠᠷ ᠠᠷᠠᠳᠴᠢᠯᠠᠯ ᠢᠶᠠᠷ ᠵᠥᠪᠯᠡᠨ ᠲᠣᠭᠲᠠᠭᠠᠬᠤ ᠠᠷᠭ᠎ᠠ ᠮᠠᠶ᠋ᠢᠭ ᠢ ᠠᠪᠴᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠣᠷᠣᠯᠴᠠᠭᠤᠯᠤᠨ᠎ᠠ᠃      ︵ᠭᠤᠷᠪᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠡᠳ᠋ ᠤᠨ ᠵᠠᠰᠠᠭ ᠤᠨ ᠲᠤᠰᠬᠠᠶ ᠲᠠᠩᠰᠠᠨ ᠡᠷᠦᠬᠡ ᠳᠤ ᠣᠷᠣᠭᠤᠯᠤᠨ ᠬᠠᠳᠠᠭᠠᠯᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠂ ᠡᠳ᠋ ᠤᠨ ᠶᠠᠪᠤᠳᠠᠯ ᠢ ᠢᠯᠡ ᠪᠣᠯᠭᠠᠬᠤ᠂ ᠱᠠᠲᠤ ᠬᠤᠪᠢᠶᠠᠨ ᠬᠠᠷᠢᠭᠤᠴᠠᠬᠤ᠂ ᠱᠠᠲᠤ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠳᠤᠮᠳᠠ ᠠᠴᠠ ᠨᠢ ᠦᠯᠡᠳᠡᠭᠡᠬᠦ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠣᠭᠤᠷᠢᠨ ᠪᠠᠶᠢᠴᠠᠭᠠᠬᠤ ᠲᠦᠷᠢᠮ ᠢ ᠭᠦᠨᠵᠡᠭᠡᠶ ᠠᠬᠢᠭᠤᠯᠵᠤ᠂ ᠲᠠᠩᠰᠠ ᠶᠢ ᠢᠯᠡ ᠪᠣᠯᠭᠠᠬᠤ ᠶᠢ ᠶᠡᠬᠡᠪᠡᠷ ᠠᠬᠢᠭᠤᠯᠤᠨ᠎ᠠ᠃ ᠪᠠᠯᠠ ᠮᠥᠩᠭᠦ ᠶᠢ ᠰᠢᠯᠭᠠᠨ ᠬᠢᠨᠠᠵᠤ ᠰᠠᠯᠭᠠᠨ ᠥᠭᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠪᠠᠯᠠ ᠮᠥᠩᠭᠦ ᠰᠠᠯᠭᠠᠨ ᠥᠭᠬᠦ ᠯᠦᠭᠡ ᠬᠤᠯᠪᠣᠭᠳᠠᠭᠤᠯᠬᠤ ᠬᠡᠷᠡᠭᠲᠡᠶ᠃ ᠬᠤᠰᠢᠭᠤᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠳᠤ ᠬᠢᠨᠠᠯᠲᠠ ᠲᠠᠯᠪᠢᠬᠤ ᠪᠠ ᠬᠢᠨᠠᠨ ᠪᠤᠳᠤᠬᠤ ᠪᠠᠨ ᠴᠢᠩᠭᠠᠳᠬᠠᠵᠤ᠂ ᠪᠠᠯᠠ ᠮᠥᠩᠭᠦ ᠶᠢᠨ ᠠᠵᠢᠯᠯᠠᠭᠠᠨ ᠢ ᠵᠢᠷᠤᠮᠵᠢᠭᠤᠯᠤᠨ᠎ᠠ᠃      ᠲᠠᠪᠤ᠂ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ      ︵ᠨᠢᠭᠡ︶ ᠲᠥᠯᠥᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠤᠰᠤᠳ ᠵᠠᠮ ᠤᠨ ᠲᠣᠤᠷ ᠪᠠ ᠵᠠᠮ ᠬᠠᠷᠢᠯᠴᠠᠭᠠᠨ ᠤ ᠠᠷᠭ᠎ᠠ ᠮᠠᠶ᠋ᠢᠭ ᠯᠤᠭ᠎ᠠ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ ᠶᠢ ᠴᠢᠬᠤᠯᠠᠴᠢᠯᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠡᠯ᠎ᠡ ᠭᠤᠭᠴᠤᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ᠂ ᠠᠷᠪᠠ ᠶᠢ ᠪᠦᠬᠦᠨ ᠢ ᠬᠠᠮᠤᠷᠤᠭᠰᠠᠨ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠲᠣᠰᠬᠤᠨ ᠪᠠᠯᠭᠠᠰᠤ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠯᠦᠭᠡ ᠵᠣᠯᠭᠠᠭᠤᠯᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠂ ᠥᠷᠭᠡᠨ ᠣᠯᠠᠨ ᠲᠠᠷᠢᠶᠠᠴᠢᠳ ᠤᠨ ᠠᠮᠤᠷ ᠲᠦᠪᠰᠢᠨ ᠪᠥᠭᠡᠳ ᠳᠥᠭᠦᠮ ᠳᠥᠲᠡ ᠪᠠᠷ ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃       ︵ᠬᠤᠶᠠᠷ︶ ᠵᠠᠮ ᠤᠨ ᠲᠣᠤᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ   ᠤ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠦᠷᠭᠡ ᠶᠢᠨ ᠪᠥᠳᠥᠭᠡᠨ ᠪᠠᠶᠢᠭᠤᠯᠤᠯᠲᠠ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠭᠦᠨᠵᠡᠭᠡᠶ ᠲᠥᠯᠬᠢᠨ ᠠᠬᠢᠭᠤᠯᠤᠨ᠎ᠠ᠃ ᠰᠢᠨ᠎ᠡ ᠪᠠᠷ ︵ᠥᠭᠡᠷᠡᠴᠢᠯᠡᠨ ᠪᠠᠶᠢᠭᠤᠯᠬᠤ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠥᠲᠥᠭᠡᠨ ᠪᠠᠶᠢᠭᠤᠯᠬᠤ ᠳᠤ ᠵᠡᠷᠭᠡ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠰᠢᠶᠠᠨ ᠤ ᠵᠠᠮ᠂ ᠰᠢᠶᠠᠩ ᠤᠨ ᠵᠠᠮ ᠪᠠ ᠲᠣᠰᠬᠤᠨ ᠤ ᠵᠠᠮ ᠢ ᠳᠥᠷᠪᠡᠳᠦᠭᠡᠷ ᠱᠠᠲᠤᠨ ᠤ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠠᠴᠠ ᠳᠣᠤᠷ᠎ᠠ ᠪᠠᠶᠢᠯᠭᠠᠬᠤ ᠥᠬᠡᠶ᠂ ᠰᠢᠶᠠᠨ ᠤ ᠵᠠᠮ ᠤᠨ ᠥᠷᠭᠡᠨ ᠤ ᠬᠡᠮᠵᠢᠶ᠎ᠡ ᠶᠢ ᠵᠠᠷᠴᠢᠮ ᠳᠡᠭᠡᠷ᠎ᠡ ᠪᠠᠨ 6.5 ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠰᠢᠶᠠᠩ ᠤᠨ ᠵᠠᠮ ᠤᠨ ᠥᠷᠭᠡᠨ ᠤ ᠬᠡᠮᠵᠢᠶ᠎ᠡ ᠶᠢ ᠵᠠᠷᠴᠢᠮ ᠳᠡᠭᠡᠷ᠎ᠡ ᠪᠠᠨ 5.5 ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠲᠣᠰᠬᠤᠨ ᠤ ᠵᠠᠮ ᠤᠨ ᠥᠷᠭᠡᠨ ᠤ ᠬᠡᠮᠵᠢᠶ᠎ᠡ ᠶᠢ ᠵᠠᠷᠴᠢᠮ ᠳᠡᠭᠡᠷ᠎ᠡ ᠪᠠᠨ 4.5 ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠬᠤᠯᠪᠤᠭᠳᠠᠯ ᠪᠦᠬᠦᠢ ᠲᠤᠭᠳᠠᠭᠠᠯ ᠢ ᠦᠨᠳᠤᠰᠦᠯᠡᠨ ᠲᠡᠷᠭᠡ ᠵᠦᠷᠢᠬᠦ ᠵᠠᠮ᠂ ᠤᠰᠤ ᠭᠠᠳᠠᠭᠰᠢᠯᠠᠭᠤᠯᠬᠤ ᠵᠢᠴᠢ ᠬᠠᠰᠢᠵᠤ ᠰᠡᠷᠭᠡᠶᠢᠯᠡᠬᠦ ᠳᠦᠬᠦᠬᠡᠷᠦᠮᠵᠢ  ᠨᠤᠭᠤᠳ ᠢ ᠳᠤᠬᠢᠷᠠᠭᠤᠯᠤᠨ᠎ᠠ᠃ ᠵᠠᠰᠠᠮᠠᠯ ᠵᠠᠮ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ︽ᠳᠣᠯᠤᠭ᠎ᠠ ᠶᠢ ᠢᠯᠡ ᠪᠣᠯᠭᠠᠬᠤ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳᠴᠢᠯᠠᠯ ᠢᠶᠠᠷ ᠬᠠᠮᠢᠶᠠᠷᠬᠤ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠭᠤᠷᠪᠠ︶ ᠵᠠᠰᠠᠮᠠᠯ ᠵᠠᠮ ᠤᠨ ᠠᠷᠠᠴᠢᠯᠠᠯᠳᠠ ᠬᠠᠮᠠᠭᠠᠯᠠᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠭ᠎ᠠ ᠶᠢᠨ ᠠᠵᠢᠯ ᠢ ︽ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ  ᠠᠷᠠᠴᠢᠯᠠᠯᠳᠠ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠤᠯᠡᠠ ᠲᠦᠮᠡᠨ ᠢ ᠲᠡᠶᠢᠴᠢᠯᠡᠠ ᠢᠳᠡᠪᠬᠢᠲᠡᠶ ᠣᠷᠣᠯᠴᠠᠭᠤᠯᠵᠤ᠂ ᠭᠠᠴᠠᠭᠠᠨ ᠤ ᠠᠷᠠᠳ ᠤᠨ ᠳᠠᠭᠠᠭᠠᠴᠢᠯᠠᠨ ᠠᠷᠠᠴᠢᠯᠠᠬᠤ ᠶᠢ ᠳᠡᠯᠭᠡᠷᠡᠭᠦᠯᠬᠦ ᠬᠡᠷᠡᠭᠲᠡᠶ᠃ ᠬᠤᠰᠢᠭᠤᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠶᠢᠨ ᠬᠢᠨ ᠲᠤᠰᠬᠠᠶ ᠮᠡᠷᠭᠡᠵᠢᠯ ᠤᠨ ᠠᠷᠠᠴᠢᠯᠠᠯᠲᠠ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠵᠠᠮ ᠠᠷᠠᠴᠢᠯᠠᠬᠤ ᠶᠢ ᠶᠡᠬᠡᠪᠡᠷ ᠥᠷᠨᠢᠭᠦᠯᠵᠦ᠂ ᠵᠠᠰᠠᠮᠠᠯ ᠵᠠᠮ ᠤᠨ ᠮᠠᠰᠢᠨᠴᠢᠯᠠᠭᠰᠠᠨ ᠠᠷᠠᠴᠢᠯᠠᠨ ᠬᠠᠮᠠᠭᠠᠯᠠᠬᠤ ︵ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ︶ ᠭᠤᠤᠯ ᠲᠣᠭᠲᠠᠴᠠ ᠶᠢ ᠠᠰᠢᠭᠯᠠᠨ᠂ ︽ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠨᠠᠷᠢᠯᠢᠬᠵᠢᠭᠤᠯᠬᠤ︾ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠰᠬᠠᠶᠢᠯᠠᠨ ᠠᠷᠠᠴᠢᠯᠠᠨ ᠬᠠᠮᠠᠭᠠᠯᠠᠬᠤ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠶᠢ ᠪᠠᠲᠤᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠡᠯ᠎ᠡ ᠰᠤᠮᠤ ᠰᠢᠶᠠᠩ ᠪᠠᠯᠭᠠᠰᠤ ᠨᠤᠭᠤᠳ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠢ ᠪᠠᠶᠢᠭᠤᠯᠤᠨ ᠪᠦᠷᠢᠨᠰᠢᠬᠦᠯᠵᠦ᠂ ᠲᠤᠰᠬᠠᠶ ᠬᠥᠮᠦᠨ ᠲᠣᠭᠲᠠᠭᠠᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠲᠤᠰᠬᠠᠶ ᠠᠷᠠᠴᠢᠯᠠᠯᠲᠠ ᠶᠢᠨ ᠵᠠᠮ ᠪᠠ ᠭᠤᠣᠯ ᠭᠤᠣᠯ ᠱᠤᠭᠤᠮ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠶᠢᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠠᠷᠢᠴᠠᠩᠭᠤᠶ ᠪᠠᠷ ᠲᠣᠭᠲᠠᠪᠤᠷᠢᠲᠠᠶ ᠬᠠᠮᠢᠶᠠᠷᠴᠤ ᠠᠷᠠᠴᠢᠯᠠᠬᠤ ᠡᠩᠨᠡᠭᠡ ᠶᠢ ᠪᠠᠶᠢᠭᠤᠯᠤᠨ᠎ᠠ᠃      ︵ᠳᠥᠷᠪᠡ︶ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ︽ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠰᠠᠯᠠᠭ᠎ᠠ ᠮᠥᠴᠢᠷ ᠬᠠᠷᠢᠭᠤᠴᠠᠬᠤ᠂ ᠣᠯᠠᠨ ᠲᠦᠮᠡᠨ ᠣᠷᠣᠯᠴᠠᠬᠤ᠂ ᠶᠡᠷᠦᠩᠬᠡᠶᠢᠯᠡᠨ ᠵᠠᠰᠠᠬᠤ︾ ᠵᠠᠷᠴᠢᠮ ᠪᠠ ᠬᠤᠰᠢᠭᠤᠨ ᠤ ᠨᠢᠭᠡᠳᠦᠯᠲᠡᠶ ᠬᠠᠤᠯᠢ ᠬᠡᠷᠡᠭᠵᠢᠭᠦᠯᠬᠦ᠂ ᠰᠤᠮᠤ ᠰᠢᠶᠠᠩ ᠪᠠᠯᠭᠠᠰᠤ᠂ ᠲᠣᠰᠬᠤᠨ ᠤ ᠵᠣᠬᠢᠴᠠᠭᠤᠯᠤᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠶᠣᠰᠣᠭᠠᠷ᠂ ︽ᠬᠤᠰᠢᠭᠤ ᠵᠠᠮ ᠤᠨ ᠶᠠᠪᠤᠳᠠᠯ ᠤᠨ ᠠᠵᠢᠯᠲᠠᠨ ᠲᠠᠢ᠂ ᠰᠤᠮᠤ ᠰᠢᠶᠠᠩ ᠪᠠᠯᠭᠠᠰᠤ ᠬᠢᠨᠠᠨ ᠬᠠᠮᠢᠶᠠᠷᠤᠭᠴᠢ ᠲᠠᠢ᠂ ᠲᠣᠰᠬᠤᠨ ᠵᠠᠮ ᠬᠠᠮᠠᠭᠠᠯᠠᠭᠴᠢ ᠲᠠᠢ︾ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠵᠠᠮ ᠤᠨ ᠶᠠᠪᠤᠳᠠᠯ ᠤᠨ ᠬᠢᠨᠠᠨ ᠬᠠᠮᠢᠶᠠᠷᠬᠤ ᠠᠵᠢᠯᠲᠠᠨ ᠳᠣᠭᠢᠷᠠᠭᠤᠯᠵᠤ᠂ ᠲᠣᠰᠬᠤᠨ ᠪᠣᠯᠭᠠᠨ ᠳᠤ ᠵᠠᠮ ᠬᠠᠮᠠᠭᠠᠯᠠᠭᠴᠢ ᠳᠣᠭᠢᠷᠠᠭᠤᠯᠤᠨ᠂ ᠲᠣᠰ ᠬᠠᠷᠢᠶ᠎ᠠ ᠣᠷᠣᠨ ᠤ ᠪᠠᠨ ᠵᠠᠰᠠᠮᠠᠯ ᠵᠠᠮ ᠤᠨ ᠬᠠᠮᠢᠶᠠᠷᠤᠯᠲᠠ ᠶᠢ ᠬᠠᠷᠢᠭᠤᠴᠠᠭᠤᠯᠵᠤ᠂ ᠵᠠᠮ ᠤᠨ ᠡᠷᠬᠡ ᠶᠢ ᠬᠠᠮᠠᠭᠠᠯᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠠᠰᠠᠨ ᠴᠡᠭᠴᠡᠯᠡᠬᠦ ᠠᠵᠢᠯ ᠢ ᠬᠠᠮᠵᠢᠭᠤᠯᠬᠤ ᠬᠡᠷᠡᠭᠲᠡᠶ᠃ ᠵᠠᠮ ᠤᠨ ᠶᠠᠪᠤᠳᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠪᠣᠯᠤᠨ ᠡᠯ᠎ᠡ ᠰᠤᠮᠤ ᠰᠢᠶᠠᠩ ᠪᠠᠯᠭᠠᠰᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠮ ᠤᠨ ᠶᠠᠪᠤᠳᠠᠯ ᠵᠠᠰᠠᠮᠠᠯ ᠵᠠᠮ ᠤᠨ ᠬᠠᠮᠢᠶᠠᠷᠤᠯᠲᠠ ᠪᠣᠯᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠠᠰᠠᠬᠤ ᠴᠡᠭᠴᠡᠯᠡᠬᠦ ᠠᠵᠢᠯ   ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃      ︵ᠲᠠᠪᠤ︶ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢ ᠬᠥᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠺᠣᠮᠫᠠᠨᠢᠴᠢᠯᠠᠭᠰᠠᠨ ᠡᠵᠡᠩᠨᠡᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠡᠮᠬᠢᠯᠡᠨ ᠨᠡᠶᠢᠯᠡᠭᠦᠯᠬᠦ ᠶᠢ ᠬᠡᠷᠡᠭᠵᠢᠭᠦᠯᠵᠦ᠂ ᠬᠡᠪᠴᠢᠶᠡᠵᠢᠭᠰᠡᠨ᠂ ᠡᠷᠴᠢᠮᠵᠢᠭᠰᠡᠨ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠠᠭᠪᠤᠷ ᠢ ᠪᠣᠶ ᠪᠣᠯᠭᠠᠨ᠎ᠠ︔ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠲᠠ ᠬᠥᠳᠡᠭᠡ ᠶᠢᠨ ᠠᠶᠠᠨᠴᠢᠳ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠷᠠᠳ ᠲᠤ ᠲᠥᠬᠦᠮ ᠦᠵᠡᠭᠦᠯᠬᠦ ᠵᠢᠵᠢᠭ ᠰᠠᠭᠤᠳᠠᠯ ᠤᠨ ᠮᠠᠰᠢᠨ ᠢ ᠬᠥᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠣᠤᠷ ᠰᠦᠯᠵᠢᠶ᠎ᠡ ᠳᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ ᠳᠤ ᠬᠠᠨᠳᠤᠭᠤᠯᠤᠭᠰᠠᠨ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠢ ᠶᠡᠬᠡᠪᠡᠷ ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠤᠨ ᠬᠡᠷᠡᠭᠰᠡᠯ᠂ ᠬᠡᠷᠡᠭᠯᠡᠭᠡᠨ ᠤ ᠵᠦᠢᠯ ᠵᠢᠴᠢ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠦᠷᠭᠡᠨ ᠳᠣᠭᠢᠷᠠᠭᠤᠯᠤᠨ ᠬᠦᠷᠭᠡᠬᠦ᠂ ᠬᠠᠳᠠᠭᠠᠯᠠᠬᠤ᠂ ᠪᠣᠭᠤᠳᠠᠯᠯᠠᠬᠤ ᠰᠢᠰᠲ᠋ᠧᠮᠵᠢ ᠶᠢ ᠪᠠᠶᠢᠭᠤᠯᠬᠤ ᠶᠢ ᠬᠥᠲᠥᠯᠦᠨ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠪᠠ ᠪᠠᠷᠠᠭ᠎ᠠ ᠶᠢᠨ ᠲᠣᠣᠷ ᠴᠢᠭ ᠪᠣᠯᠤᠨ ᠰᠢᠦᠳᠠᠨ ᠤ ᠪᠠᠷᠠᠭ᠎ᠠ ᠶᠢᠨ ᠭᠦᠢᠯᠭᠡᠭᠡᠨ ᠤ ᠲᠣᠣᠷ ᠴᠢᠭ ᠤᠨ ᠳᠠᠪᠬᠤᠷ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠬᠥᠳᠡᠭᠡ   ᠶᠢᠨ ᠰᠠᠭᠤᠭᠠᠯᠢ ᠠᠷᠠᠳ ᠤᠨ ᠰᠣᠯᠢᠯᠴᠠᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠳᠠᠶᠢᠴᠢᠯᠠᠬᠤ ᠬᠡᠷᠡᠭᠲᠡᠶ᠃      ︵ᠵᠢᠷᠭᠤᠭ᠎ᠠ︶ ᠵᠠᠮ ᠬᠠᠷᠢᠯᠴᠠᠭᠠᠨ ᠤ ᠠᠮᠤᠷ ᠲᠦᠪᠰᠢᠨ ᠢ ᠴᠢᠩᠭᠠᠳᠬᠠᠨ᠎ᠠ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠨ ᠣᠷᠣᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ ᠶᠢᠨ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠯᠪᠠᠨ ᠬᠡᠷ ᠵᠢᠴᠢ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠣᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠵᠠᠮ ᠬᠠᠷᠢᠯᠴᠠᠭ᠎ᠠ ᠵᠠᠮ ᠤᠨ ᠶᠠᠪᠤᠳᠠᠯ ᠪᠣᠯᠤᠨ ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠯᠪᠠᠨ ᠬᠡᠷ ᠨᠢ ᠬᠠᠮᠵᠢᠯᠴᠠᠭ᠎ᠠ ᠪᠠᠨ ᠦᠨᠡᠨᠬᠦ ᠴᠢᠩᠭᠠᠳᠬᠠᠵᠤ᠂ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠥᠳᠡᠭᠡ ᠲᠣᠰᠬᠤᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃      ᠵᠢᠷᠭᠤᠭ᠎ᠠ᠂ ᠠᠵᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠣᠬᠢᠴᠠᠩᠭᠤᠶ ᠪᠠᠷ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ︾ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠳᠤᠮᠳᠠᠬᠢ ᠪᠥᠬᠦ ᠲᠠᠯ᠎ᠠ ᠶᠢᠨ ᠴᠢᠨᠠᠷᠲᠠᠶ ᠶᠡᠭᠡ ᠶᠠᠪᠤᠳᠠᠯ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠨᠢ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠡᠷᠴᠢᠮᠲᠡᠶ ᠪᠠᠶᠢᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠠᠰᠢᠭᠲᠠᠶ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠬᠤ ᠬᠠᠮᠢᠶᠠᠷᠬᠤ ᠬᠠᠮᠠᠭᠠᠯᠠᠬᠤ ᠡᠵᠡᠩᠨᠡᠬᠦ ᠶᠢ ᠵᠣᠬᠢᠴᠠᠩᠭᠤᠶ ᠪᠠᠷ ᠬᠥᠭᠵᠢᠭᠦᠯᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃      ︵ᠬᠤᠶᠠᠷ︶ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠴᠢᠩᠳᠠᠯᠠᠵᠤ᠂ ᠤᠰᠤ ᠭᠠᠳᠠᠭᠰᠢᠯᠠᠭᠤᠯᠬᠤ᠂ ᠰᠡᠷᠭᠡᠶᠢᠯᠡᠨ ᠬᠠᠮᠠᠭᠠᠯᠠᠬᠤ᠂ ᠠᠮᠤᠷ ᠲᠦᠪᠰᠢᠨ ᠤ ᠪᠡᠯᠡᠳᠬᠡᠮᠵᠢ᠂ ᠲᠡᠭᠰᠢ ᠣᠭᠲᠣᠯᠣᠯᠴᠠᠬᠤ ᠵᠠᠮ ᠤᠨ ᠠᠭᠤᠯᠵᠠᠷ ᠤᠨ ᠨᠠᠷᠢᠯᠢᠬᠵᠢᠭᠤᠯᠤᠭᠰᠠᠨ ᠵᠢᠷᠤᠭ ᠲᠥᠯᠥᠪᠯᠡᠭᠡ ᠶᠢ ᠴᠢᠩᠭᠠᠳᠬᠠᠨ᠂ ᠪᠠᠷᠢᠯᠭ᠎ᠠ ᠶᠢᠨ ᠠᠵᠢᠯ ᠤᠨ ᠪᠠᠷᠢᠮᠵᠢᠶᠠᠵᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠢᠷᠢ ᠬᠡᠮᠵᠢᠶ᠎ᠡ᠂ ᠭᠠᠮᠰᠢᠭ ᠢ ᠰᠡᠷᠭᠡᠶᠢᠯᠡᠬᠦ ᠴᠢᠳᠠᠪᠤᠷᠢ ᠪᠠ ᠬᠡᠷᠡᠭᠯᠡᠭᠡᠨ ᠤ ᠴᠢᠳᠠᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠷᠠᠴᠢᠯᠠᠨ ᠬᠠᠮᠠᠭᠠᠯᠠᠬᠤ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ᠂ ᠠᠷᠠᠴᠢᠯᠠᠨ ᠬᠠᠮᠠᠭᠠᠯᠠᠬᠤ ᠠᠭᠤᠯᠭ᠎ᠠ ᠵᠢᠴᠢ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠂ ᠠᠷᠠᠴᠢᠯᠠᠨ ᠬᠠᠮᠠᠭᠠᠯᠠᠬᠤ ᠶᠢ ᠢᠯᠡ ᠨᠡᠶᠢᠲᠡᠯᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠠᠩ ᠠᠮᠤᠷ ᠲᠦᠪᠰᠢᠨ᠂  ᠰᠠᠭᠠᠳ ᠦᠭᠡᠢ ᠨᠡᠪᠲᠡᠷᠡᠬᠦ ᠣᠷᠴᠢᠨ ᠲᠣᠭᠤᠷᠢᠨ ᠢ ᠪᠠᠶᠢᠭᠤᠯᠬᠤ ᠳᠤ ᠰᠠᠭᠤᠷᠢ ᠶᠢ ᠪᠠᠲᠤᠳᠬᠠᠬᠤ ᠬᠡᠷᠡᠭᠲᠡᠶ᠃      ︵ᠭᠤᠷᠪᠠ︶ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ᠂ ᠣᠨ ᠤ ᠰᠤᠭᠤᠴᠢᠨ ᠪᠠᠶᠢᠴᠠᠭᠠᠬᠤ ᠵᠢᠴᠢ ᠲᠤᠰᠬᠠᠶ ᠵᠦᠢᠯ ᠢᠶᠠᠷ ᠰᠢᠮᠳᠠᠭᠤᠯᠤᠨ ᠭᠦᠢᠴᠡᠳᠬᠡᠬᠦ ᠵᠡᠷᠭᠡ ᠠᠷᠭ᠎ᠠ ᠮᠠᠶ᠋ᠢᠭ ᠢ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠮᠠᠲ᠋ᠧᠷᠢᠶᠠᠯ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠴᠢᠬᠤᠯᠠ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢ ᠰᠢᠯᠵᠢᠭᠦᠯᠦᠨ ᠥᠭᠬᠦ ᠪᠠ ᠬᠡᠷᠡᠭᠯᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠢᠨᠠᠨ ᠪᠠᠶᠢᠴᠠᠭᠠᠬᠤ ᠵᠥᠪᠯᠡᠯ ᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠳᠠᠬᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠳᠠ ᠡᠵᠡᠩᠨᠡᠯᠳᠡ ᠶᠢᠨ ᠵᠣᠬᠢᠴᠠᠩᠭᠤᠶ᠂ ᠡᠷᠡᠭᠦᠯ ᠢᠶᠠᠷ ᠬᠥᠭᠵᠢᠬᠦ᠂ ᠪᠥᠬᠦ ᠲᠠᠯ᠎ᠠ ᠪᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号