ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠳᠤ᠄ | ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠢ | ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠠᠢ᠃ | | | ᠳᠠᠭᠠᠯᠳᠤᠭᠤᠯᠤᠯ᠄ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ ᠳᠥᠷᠪᠡᠨ ᠰᠠᠶᠢᠳᠠᠢ ᠬᠥᠳᠡᠭᠡ | ᠲᠣᠰᠬᠤᠨ ᠤ ᠵᠠᠮ﹀ ᠢ ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ | | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ | 2017 ᠣᠨ ᠤ 12 ᠰᠠᠷ᠎ᠠ ᠶᠢᠨ 13 ᠤ ᠡᠳᠦᠷ | | | | | | ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ | ᠲᠤᠬᠠᠶ | ᠬᠡᠷᠡᠭᠵᠢᠭᠦᠯᠬᠦ ᠲᠥᠰᠦᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠪᠠ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠵᠤ᠂ | ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠳᠥᠷᠪᠡᠨ ᠰᠠᠶᠢᠳᠠᠢ ᠬᠥᠳᠡᠭᠡ | ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠮᠠᠨ ᠤ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ | ᠠᠷᠠᠴᠢᠯᠠᠯᠲᠠ᠂ ᠡᠵᠡᠩᠨᠡᠯᠲᠡ ᠶᠢᠨ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ 2020 ᠣᠨ | ᠪᠣᠯᠬᠤ ᠳᠤ ︽ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ | ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠶ ᠬᠠᠷᠠᠯᠲᠠ ᠶᠢ ᠪᠡᠶᠡᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ︽︿ ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ | ᠲᠤᠬᠠᠶ ᠰᠠᠨᠠᠯ︾ ︵ᠵᠠᠮ ᠬᠠᠷᠢᠯᠴᠠᠭ᠎ᠠ ᠵᠠᠰᠠᠮᠠᠯ ᠵᠠᠮ ᠤᠨ ᠲᠠᠷᠬᠠᠭᠠᠭᠰᠠᠨ ︹ 2015 ︺ 73 ᠳ᠋ᠤᠭᠠᠷ ᠲᠣᠭᠠᠲᠤ | ︶ ᠵᠢᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ ᠳᠥᠷᠪᠡᠨ ᠰᠠᠶᠢᠳᠠᠢ | ᠬᠥᠳᠡᠭᠡ ᠲᠣᠰᠬᠤᠨ ᠤ ᠵᠠᠮ︾ ᠢ ᠬᠢᠨᠠᠨ ᠵᠢᠯᠣᠭᠤᠳᠴᠤ ᠰᠢᠯᠭᠠᠨ ᠦᠨᠡᠯᠡᠬᠦ ᠠᠷᠭ᠎ᠠ︾ ︵ᠥᠪᠥᠷ ᠵᠠᠮ ᠬᠠᠷᠢᠯᠴᠠᠭ᠎ᠠ | ᠶᠢᠨ ᠲᠠᠷᠬᠠᠭᠠᠭᠰᠠᠨ | ︹ 2017 ︺ 204 ᠳ᠋ᠤᠭᠡᠷ ᠲᠣᠭᠠᠲᠤ︶ ᠶᠢᠨ ᠬᠠᠮᠢᠶ᠎ᠠ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠳᠤ ᠬᠡᠷᠡᠭᠵᠢᠭᠦᠯᠬᠦ ᠲᠥᠰᠦᠯ ᠢ | ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠪᠠᠶᠢᠭᠤᠯᠬᠤ ᠪᠠ ᠠᠷᠠᠴᠢᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠮᠢᠶᠠᠷᠬᠤ ᠪᠠ | ᠠᠷᠠᠴᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ | ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠦᠷᠭᠦᠯᠵᠢᠯᠡᠬᠦ ᠬᠥᠭᠵᠢᠯᠲᠡ ᠶᠢ ᠲᠦᠷᠭᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠳᠤ ᠬᠤᠰᠢᠭᠤᠴᠢ ᠪᠣᠯᠬᠤ ᠬᠡᠷᠡᠭᠲᠡᠢ᠃ | ᠬᠤᠶᠠᠷ᠂ ᠬᠠᠷᠠᠯᠲᠠ ᠡᠭᠦᠷᠭᠡ | ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ᠂ | ︽ᠬᠠᠮᠲᠤᠷᠠᠭᠰᠠᠨ ᠪᠠᠶᠢᠯᠳᠤᠭᠠᠨ ᠤ ᠮᠠᠶ᠋ᠢᠭ︾ ᠤᠨ ᠪᠥᠲᠥᠭᠡᠨ ᠪᠠᠶᠢᠭᠤᠯᠤᠯᠲᠠ ᠠᠴᠠ ᠲᠥᠪᠯᠡᠷᠡᠭᠦᠯᠦᠨ ᠪᠡᠷᠬᠡ | ᠰᠡᠳᠦᠪ ᠢ ᠰᠢᠢᠳᠪᠦᠷᠢᠯᠡᠬᠦ ᠳᠠᠰᠢ ᠬᠦᠴᠦᠯᠡᠨ ᠬᠤᠪᠢᠷᠠᠭᠤᠯᠵᠤ᠂ ᠬᠤᠯᠪᠣᠯᠳᠤᠭᠤᠯᠤᠨ ᠨᠡᠪᠲᠡᠷᠡᠭᠦᠯᠬᠦ ᠶᠢ | ᠴᠢᠬᠤᠯᠠᠴᠢᠯᠠᠬᠤ ᠠᠴᠠ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠠᠰᠢ | ᠬᠤᠪᠢᠷᠠᠭᠤᠯᠤᠨ᠂ ᠪᠥᠲᠥᠭᠡᠨ ᠪᠠᠶᠢᠭᠤᠯᠬᠤ ᠪᠠᠷ ᠭᠤᠤᠯ ᠪᠣᠯᠭᠠᠵᠤ ᠪᠠᠶᠢᠭᠰᠠᠨ ᠠᠴᠠ ᠪᠥᠲᠥᠭᠡᠨ ᠪᠠᠶᠢᠭᠤᠯᠬᠤ | ᠬᠠᠮᠢᠶᠠᠷᠬᠤ ᠲᠡᠵᠢᠭᠡᠬᠦ ᠲᠡᠭᠡᠭᠡᠪᠦᠷᠢᠯᠡᠬᠦ ᠶᠢ ᠵᠣᠬᠢᠴᠠᠩᠭᠤᠶ ᠪᠠᠷ ᠬᠥᠭᠵᠢᠭᠦᠯᠬᠦ ᠳᠠᠰᠢ ᠬᠤᠪᠢᠷᠠᠭᠤᠯᠤᠨ᠂ | ᠬᠥᠭᠵᠢᠯᠲᠡ ᠳᠤ ᠵᠣᠬᠢᠴᠠᠬᠤ ᠠᠴᠠ ᠬᠥᠭᠵᠢᠯᠲᠡ ᠶᠢ ᠬᠥᠲᠥᠯᠦᠨ ᠳᠠᠭᠠᠭᠤᠯᠬᠤ ᠳᠠᠰᠢ ᠬᠤᠪᠢᠷᠠᠭᠤᠯᠬᠤ ᠬᠡᠷᠡᠭᠲᠡᠶ᠃ | ᠬᠥᠭᠵᠢᠯᠲᠡ ᠶᠢᠨ ᠦᠵᠡᠯ ᠰᠠᠨᠠᠭ᠎ᠠ ᠪᠠ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠᠷ ᠳᠠᠮᠵᠢᠭᠤᠯᠤᠨ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠬᠦ ᠶᠢ | ᠪᠡᠶᠡᠯᠡᠭᠦᠯᠵᠦ᠂ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠠᠷᠠᠴᠢᠯᠠᠨ ᠬᠠᠮᠠᠭᠠᠯᠠᠬᠤ ᠶᠢ ᠪᠥᠬᠦ ᠲᠠᠯ᠎ᠠ ᠪᠠᠷ | ᠴᠢᠩᠭᠠᠳᠬᠠᠵᠤ᠂ ᠵᠠᠮ ᠪᠠᠶᠢᠪᠠᠯ ᠵᠠᠪᠠᠯ ᠠᠷᠠᠴᠢᠯᠠᠬᠤ᠂ ᠵᠠᠮ ᠤᠨ ᠦᠢᠯᠡᠳᠪᠦᠷᠢᠯᠡᠯ ᠵᠠᠮ ᠤᠨ ᠡᠷᠬᠡ ᠶᠢ ᠪᠦᠲᠦᠮᠵᠢᠲᠡᠶ | ᠬᠠᠮᠠᠭᠠᠯᠠᠬᠤ᠂ ᠵᠠᠮ ᠤᠨ ᠣᠷᠴᠢᠨ ᠲᠣᠭᠤᠷᠢᠨ ᠢ ᠭᠤᠶᠢᠳᠠ ᠰᠠᠶᠢᠬᠠᠨ ᠴᠡᠪᠡᠷ ᠲᠡᠭᠰᠢ ᠪᠠᠶᠢᠯᠭᠠᠵᠤ᠂ ᠮᠠᠯᠵᠢᠬᠤ | ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ | ᠴᠤᠭᠴᠠᠵᠢᠭᠤᠯᠬᠤ ᠪᠠᠶᠢᠷᠢᠰᠢᠯ ᠢ ᠦᠨᠳᠦᠰᠦᠨ ᠳᠡᠭᠡᠨ ᠪᠣᠶ ᠪᠣᠯᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠭᠤᠯᠬᠤ ᠱᠠᠭᠠᠷᠳᠠᠯᠭ᠎ᠠ ᠳᠤ ᠵᠣᠬᠢᠴᠠᠭᠤᠯᠤᠨ᠎ᠠ᠃ | ᠭᠤᠷᠪᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ | ︵ᠨᠢᠭᠡ︶ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠢ ᠬᠠᠷᠢᠭᠤᠴᠠᠵᠤ᠂ ᠪᠥᠲᠥᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠲᠡᠭᠡᠭᠡᠪᠦᠷᠢᠯᠡᠬᠦ ᠣᠨ ᠤ ᠲᠥᠯᠥᠪᠯᠡᠭᠡ ᠶᠢ ᠪᠣᠳᠠᠲᠠᠶ ᠵᠢᠯᠣᠭᠤᠳᠤᠨ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠰᠢᠶᠠᠩ ᠤᠨ ᠵᠠᠮ ᠪᠠ ᠲᠣᠰᠬᠤᠨ ᠤ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ | ᠠᠵᠢᠯ ᠢ ᠰᠠᠶᠢᠲᠤᠷ ᠬᠢᠬᠦ ᠶᠢ ᠬᠢᠨᠠᠨ ᠵᠢᠯᠣᠭᠤᠳᠤᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠣᠷᠣᠨ | ᠨᠤᠲᠤᠭ ᠤᠨ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠠᠯᠠ | ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠬᠤᠶᠠᠷ︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠣᠰᠬᠤᠨ ᠳᠤ ᠨᠡᠪᠲᠡᠷᠡᠬᠦ | ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠬᠠᠪᠰᠤᠷᠤᠨ ᠰᠠᠶᠢᠲᠤᠷ | ᠬᠢᠬᠦ ᠶᠢ ᠬᠠᠷᠢᠭᠤᠴᠠᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ | ᠴᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠠᠴᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠠ︔ | ᠬᠠᠷᠢᠶ᠎ᠠ ᠣᠷᠣᠨ ᠤ ᠳᠣᠲᠣᠷᠠᠬᠢ ᠰᠢᠶᠠᠨ ᠤ ᠵᠠᠮ᠂ ᠰᠤᠮᠤᠨ ᠤ ᠵᠠᠮ ᠤᠨ ᠡᠳᠦᠷ ᠲᠤᠲᠤᠮ ᠤᠨ ᠠᠷᠠᠴᠢᠯᠠᠨ | ᠬᠠᠮᠠᠭᠠᠯᠠᠬᠤ ᠪᠠ ᠭᠠᠴᠠᠭᠠᠨ ᠤ ᠵᠠᠮ ᠤᠨ ᠶᠡᠭᠡ ᠳᠤᠮᠳᠠ ᠰᠡᠯᠪᠢᠨ ᠵᠠᠰᠠᠬᠤ ᠢᠨᠵᠧᠨᠧᠷᠢᠩ ᠤᠨ ᠲᠥᠯᠥᠪᠯᠡᠭᠡ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠴᠠᠭᠠᠨ ᠤ ᠠᠷᠠᠳ ᠤᠨ ᠵᠥᠪᠯᠡᠯ ᠢ ᠵᠢᠯᠣᠭᠤᠳᠤᠨ ᠭᠠᠴᠠᠭᠠᠨ ᠤ ᠵᠠᠮ ᠤᠨ | ᠪᠦᠲᠦᠭᠡᠨ ᠪᠠᠶᠢᠭᠤᠯᠤᠯᠲᠠ ᠪᠠ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ᠭᠠᠴᠠᠭᠠᠨ ᠤ ᠠᠷᠠᠳ ᠤᠨ ᠵᠥᠪᠯᠡᠯ ᠨᠢ ᠭᠠᠴᠠᠭᠠᠨ ᠤ ᠳᠣᠲᠣᠷᠠᠬᠢ ᠵᠡᠮ ᠤᠨ ᠪᠦᠳᠦᠭᠡᠠ | ᠪᠠᠶᠢᠭᠤᠯᠤᠯᠲᠠ ᠵᠢᠴᠢ ᠡᠳᠦᠷ ᠲᠤᠳᠦᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠪᠣᠳᠠᠲᠠᠶ | ᠡᠭᠦᠷᠭᠡᠯᠡᠨ᠎ᠡ᠃ | ᠳᠥᠷᠪᠡ᠂ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ | ︵ᠨᠢᠭᠡ︶ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠤᠯᠠᠨ | ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠣᠯ ᠪᠣᠯᠭᠠᠭᠰᠠᠨ ᠪᠡᠯᠡ ᠮᠥᠩᠭᠦ ᠶᠢ ᠪᠠᠲᠤᠯᠠᠬᠤ | ᠲᠣᠭᠲᠠᠴᠠ ᠶᠢ ᠪᠠᠶᠢᠭᠤᠯᠤᠨ᠎ᠠ᠃ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ | ᠵᠣᠬᠢᠴᠠᠭᠤᠯᠬᠤ ᠵᠠᠷᠴᠢᠮ ᠶᠣᠰᠣᠭᠠᠷ᠂ ᠵᠢᠯ ᠪᠦᠷᠢ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ ᠪᠠ ᠡᠵᠡᠩᠨᠡᠯᠲᠡ ᠶᠢᠨ ᠬᠥᠭᠵᠢᠯᠲᠡ ᠶᠢᠨ ᠪᠠᠯᠠ ᠮᠥᠩᠭᠦ ᠶᠢ | ᠬᠤᠰᠢᠭᠤ ᠱᠠᠲᠤᠨ ᠤ ᠡᠳ᠋ ᠤᠨ ᠵᠠᠰᠠᠭ ᠤᠨ ᠣᠨ ᠤ ᠲᠥᠰᠦᠪ ᠲᠤ ᠣᠷᠣᠭᠤᠯᠤᠨ ᠪᠠᠲᠤᠯᠠᠨ᠎ᠠ︔ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠶᠢᠨ ᠰᠢᠲᠠᠭᠠᠯᠭ᠎ᠠ ᠶᠢᠨ ᠲᠣᠰᠣ ︵ᠬᠡᠶ︶ ᠶᠢᠨ ᠨᠥᠬᠦᠪᠥᠷᠢ ᠪᠠ ᠬᠥᠳᠡᠭᠡ ᠲᠣᠰᠬᠤᠨ ᠤ | ᠠᠶᠠᠨᠴᠢᠳ ᠤᠨ ᠲᠡᠭᠡᠭᠡᠪᠦᠷᠢ ᠶᠢᠨ ᠲᠡᠷᠭᠡ ᠶᠢᠨ ᠳᠠᠭᠠᠳᠬᠠᠯ ᠤᠨ ᠪᠠᠯᠠ ᠮᠥᠩᠭᠦ ᠶᠢᠨ ᠨᠥᠬᠦᠪᠤᠷᠢ ᠶᠢᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠡᠳ᠋ ᠤᠨ ᠬᠦᠴᠦᠨ ᠤ ᠪᠠᠶᠢᠳᠠᠯ ᠢᠶᠠᠨ | ᠦᠨᠳᠦᠰᠦᠯᠡᠨ᠂ ᠵᠣᠬᠢᠬᠤ ᠡᠳ᠋ ᠤᠨ ᠵᠠᠰᠠᠭ ᠤᠨ ᠪᠠᠯᠠ ᠮᠥᠩᠭᠦ ᠶᠢ ᠳᠣᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠬᠢᠭᠡᠳ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ ᠡᠯ᠎ᠡ | ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠳᠡᠭᠡᠳᠦ ᠱᠠᠲᠤᠨ ᠤ ᠲᠤᠰᠠᠯᠠᠮᠵᠢ ᠶᠢᠨ ᠪᠡᠯᠡ ᠮᠥᠩᠭᠦ ᠶᠢ | ᠢᠳᠡᠪᠬᠢᠲᠡᠶ ᠪᠠᠷ ᠣᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢ ᠬᠠᠪᠰᠤᠷᠬᠤ ᠪᠠ | ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠠᠷᠭ᠎ᠠ ᠵᠠᠮ ᠢ ᠥᠷᠭᠡᠳᠬᠡᠨ᠎ᠡ᠃ ᠣᠷᠣᠨ ᠨᠤᠲᠤᠭ ᠤᠨ ᠤᠯᠠᠨ | ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ᠂ ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠨᠥᠬᠦᠪᠥᠷᠢ ᠪᠠ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢᠨ ᠢᠷᠡᠯᠳᠡ ᠶᠢ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠶᠠᠳᠠᠭᠤ ᠶᠢ ᠲᠡᠳᠬᠦᠬᠦ ᠪᠠ ᠲᠠᠷᠢᠶᠠᠯᠠᠩ ᠳᠤ ᠬᠤᠯᠪᠣᠭᠳᠠᠬᠤ ᠡᠯ᠎ᠡ ᠲᠦᠷᠦᠯ | ᠵᠦᠢᠯ ᠤᠨ ᠳᠣᠲᠣᠷᠠᠬᠢ ᠵᠠᠮ ᠬᠠᠷᠢᠯᠴᠠᠭᠠᠨ ᠤ ᠬᠥᠭᠵᠢᠯᠲᠡ ᠳᠤ ᠬᠡᠷᠡᠭᠯᠡᠵᠦ ᠪᠣᠯᠬᠤ ᠪᠡᠯᠡ ᠮᠥᠩᠭᠦ ᠶᠢ ᠡᠮᠬᠢᠯᠡᠨ | ᠨᠡᠶᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢᠨ ᠣᠷᠣᠭᠤᠯᠤᠯᠲᠠ ᠶᠢᠨ ᠬᠦᠴᠦᠯᠡᠴᠡ ᠶᠢ | ᠨᠡᠮᠡᠭᠳᠡᠭᠦᠯᠦᠨ᠎ᠡ᠃ ᠬᠤᠪᠢ ᠬᠥᠮᠦᠨ ᠪᠠ ᠠᠵᠤ ᠠᠬᠤᠶᠢᠯᠠᠯ ᠢ ᠵᠤᠷᠢᠭᠵᠢᠭᠤᠯᠵᠤ ᠳᠡᠳᠡᠨ ᠤ ᠬᠠᠨᠳᠢᠪᠯᠠᠭᠰᠠᠨ | ᠵᠣᠭᠤᠰ ᠢ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠵᠠᠷᠤᠴᠠᠭᠤᠯᠤᠨ᠎ᠠ᠃ ᠨᠡᠷ᠎ᠡ | ᠬᠠᠳᠠᠬᠤ ᠡᠷᠬᠡ᠂ ᠵᠠᠮ ᠤᠨ ᠬᠠᠵᠠᠭᠤ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠬᠡ᠂ ᠨᠣᠭᠤᠭᠠᠷᠠᠭᠤᠯᠬᠤ ᠡᠷᠬᠡ | ᠵᠡᠷᠭᠡ ᠠᠷᠭ᠎ᠠ ᠮᠠᠶ᠋ᠢᠭ ᠢ ᠠᠰᠢᠭᠯᠠᠨ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠵᠤ ᠬᠥᠳᠡᠭᠡ ᠲᠣᠰᠬᠤᠨ ᠤ ᠵᠠᠰᠠᠮᠠᠯ | ᠵᠠᠮ ᠤᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ︔ ᠮᠠᠯᠴᠢᠨ ᠲᠠᠷᠢᠶᠠᠴᠢᠳ ᠢ | ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠬᠠᠤᠯᠢ ᠶᠣᠰᠣᠭᠠᠷ ᠠᠷᠠᠳᠴᠢᠯᠠᠯ ᠢᠶᠠᠷ ᠵᠥᠪᠯᠡᠨ ᠲᠣᠭᠲᠠᠭᠠᠬᠤ | ᠠᠷᠭ᠎ᠠ ᠮᠠᠶ᠋ᠢᠭ ᠢ ᠠᠪᠴᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠠ | ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠣᠷᠣᠯᠴᠠᠭᠤᠯᠤᠨ᠎ᠠ᠃ | ︵ᠭᠤᠷᠪᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠡᠳ᠋ ᠤᠨ ᠵᠠᠰᠠᠭ ᠤᠨ ᠲᠤᠰᠬᠠᠶ | ᠲᠠᠩᠰᠠᠨ ᠡᠷᠦᠬᠡ ᠳᠤ ᠣᠷᠣᠭᠤᠯᠤᠨ ᠬᠠᠳᠠᠭᠠᠯᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠂ ᠡᠳ᠋ ᠤᠨ | ᠶᠠᠪᠤᠳᠠᠯ ᠢ ᠢᠯᠡ ᠪᠣᠯᠭᠠᠬᠤ᠂ ᠱᠠᠲᠤ ᠬᠤᠪᠢᠶᠠᠨ ᠬᠠᠷᠢᠭᠤᠴᠠᠬᠤ᠂ ᠱᠠᠲᠤ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠳᠤᠮᠳᠠ ᠠᠴᠠ ᠨᠢ ᠦᠯᠡᠳᠡᠭᠡᠬᠦ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠲᠣᠭᠤᠷᠢᠨ ᠪᠠᠶᠢᠴᠠᠭᠠᠬᠤ ᠲᠦᠷᠢᠮ ᠢ ᠭᠦᠨᠵᠡᠭᠡᠶ ᠠᠬᠢᠭᠤᠯᠵᠤ᠂ ᠲᠠᠩᠰᠠ ᠶᠢ ᠢᠯᠡ ᠪᠣᠯᠭᠠᠬᠤ ᠶᠢ | ᠶᠡᠬᠡᠪᠡᠷ ᠠᠬᠢᠭᠤᠯᠤᠨ᠎ᠠ᠃ ᠪᠠᠯᠠ ᠮᠥᠩᠭᠦ ᠶᠢ ᠰᠢᠯᠭᠠᠨ ᠬᠢᠨᠠᠵᠤ ᠰᠠᠯᠭᠠᠨ ᠥᠭᠬᠦ ᠶᠢ ᠴᠢᠩᠭᠠᠳᠬᠠᠵᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠦ᠂ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠪᠠᠯᠠ ᠮᠥᠩᠭᠦ ᠰᠠᠯᠭᠠᠨ ᠥᠭᠬᠦ ᠯᠦᠭᠡ ᠬᠤᠯᠪᠣᠭᠳᠠᠭᠤᠯᠬᠤ ᠬᠡᠷᠡᠭᠲᠡᠶ᠃ | ᠬᠤᠰᠢᠭᠤᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠪᠥᠲᠥᠭᠡᠨ ᠪᠠᠶᠢᠭᠤᠯᠤᠯᠲᠠ ᠶᠢᠨ ᠪᠠᠯᠠ | ᠮᠥᠩᠭᠦ ᠳᠤ ᠬᠢᠨᠠᠯᠲᠠ ᠲᠠᠯᠪᠢᠬᠤ ᠪᠠ ᠬᠢᠨᠠᠨ ᠪᠤᠳᠤᠬᠤ ᠪᠠᠨ ᠴᠢᠩᠭᠠᠳᠬᠠᠵᠤ᠂ ᠪᠠᠯᠠ ᠮᠥᠩᠭᠦ ᠶᠢᠨ ᠠᠵᠢᠯᠯᠠᠭᠠᠨ ᠢ | ᠵᠢᠷᠤᠮᠵᠢᠭᠤᠯᠤᠨ᠎ᠠ᠃ | ᠲᠠᠪᠤ᠂ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ | ︵ᠨᠢᠭᠡ︶ ᠲᠥᠯᠥᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠤᠰᠤᠳ ᠵᠠᠮ ᠤᠨ ᠲᠣᠤᠷ ᠪᠠ ᠵᠠᠮ ᠬᠠᠷᠢᠯᠴᠠᠭᠠᠨ ᠤ ᠠᠷᠭ᠎ᠠ | ᠮᠠᠶ᠋ᠢᠭ ᠯᠤᠭ᠎ᠠ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ ᠶᠢ ᠴᠢᠬᠤᠯᠠᠴᠢᠯᠠᠨ᠂ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠡᠯ᠎ᠡ | ᠭᠤᠭᠴᠤᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ᠂ ᠠᠷᠪᠠ ᠶᠢ ᠪᠦᠬᠦᠨ ᠢ | ᠬᠠᠮᠤᠷᠤᠭᠰᠠᠨ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠲᠣᠰᠬᠤᠨ ᠪᠠᠯᠭᠠᠰᠤ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠯᠦᠭᠡ ᠵᠣᠯᠭᠠᠭᠤᠯᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠂ ᠥᠷᠭᠡᠨ ᠣᠯᠠᠨ ᠲᠠᠷᠢᠶᠠᠴᠢᠳ ᠤᠨ | ᠠᠮᠤᠷ ᠲᠦᠪᠰᠢᠨ ᠪᠥᠭᠡᠳ ᠳᠥᠭᠦᠮ ᠳᠥᠲᠡ ᠪᠠᠷ ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃ | ︵ᠬᠤᠶᠠᠷ︶ ᠵᠠᠮ ᠤᠨ ᠲᠣᠤᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ ᠤ | ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠦᠷᠭᠡ ᠶᠢᠨ ᠪᠥᠳᠥᠭᠡᠨ ᠪᠠᠶᠢᠭᠤᠯᠤᠯᠲᠠ᠂ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠭᠦᠨᠵᠡᠭᠡᠶ ᠲᠥᠯᠬᠢᠨ | ᠠᠬᠢᠭᠤᠯᠤᠨ᠎ᠠ᠃ ᠰᠢᠨ᠎ᠡ ᠪᠠᠷ ︵ᠥᠭᠡᠷᠡᠴᠢᠯᠡᠨ ᠪᠠᠶᠢᠭᠤᠯᠬᠤ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠪᠥᠲᠥᠭᠡᠨ ᠪᠠᠶᠢᠭᠤᠯᠬᠤ ᠳᠤ ᠵᠡᠷᠭᠡ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠰᠢᠶᠠᠨ ᠤ | ᠵᠠᠮ᠂ ᠰᠢᠶᠠᠩ ᠤᠨ ᠵᠠᠮ ᠪᠠ ᠲᠣᠰᠬᠤᠨ ᠤ ᠵᠠᠮ ᠢ ᠳᠥᠷᠪᠡᠳᠦᠭᠡᠷ ᠱᠠᠲᠤᠨ ᠤ ᠵᠠᠰᠠᠮᠠᠯ ᠵᠠᠮ ᠤᠨ ᠮᠡᠷᠭᠡᠵᠢᠯ ᠤᠨ | ᠪᠠᠷᠢᠮᠵᠢᠶ᠎ᠠ ᠠᠴᠠ ᠳᠣᠤᠷ᠎ᠠ ᠪᠠᠶᠢᠯᠭᠠᠬᠤ ᠥᠬᠡᠶ᠂ ᠰᠢᠶᠠᠨ ᠤ ᠵᠠᠮ ᠤᠨ ᠥᠷᠭᠡᠨ ᠤ ᠬᠡᠮᠵᠢᠶ᠎ᠡ ᠶᠢ ᠵᠠᠷᠴᠢᠮ ᠳᠡᠭᠡᠷ᠎ᠡ ᠪᠠᠨ | 6.5 ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠰᠢᠶᠠᠩ ᠤᠨ ᠵᠠᠮ ᠤᠨ ᠥᠷᠭᠡᠨ ᠤ ᠬᠡᠮᠵᠢᠶ᠎ᠡ ᠶᠢ ᠵᠠᠷᠴᠢᠮ | ᠳᠡᠭᠡᠷ᠎ᠡ ᠪᠠᠨ 5.5 ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠲᠣᠰᠬᠤᠨ ᠤ ᠵᠠᠮ ᠤᠨ ᠥᠷᠭᠡᠨ ᠤ ᠬᠡᠮᠵᠢᠶ᠎ᠡ ᠶᠢ | ᠵᠠᠷᠴᠢᠮ ᠳᠡᠭᠡᠷ᠎ᠡ ᠪᠠᠨ 4.5 ᠮᠧᠲᠷ ᠠᠴᠠ ᠳᠣᠤᠷ᠎ᠠ ᠪᠠᠶᠢᠯᠭᠠᠬᠤ ᠥᠬᠡᠶ᠂ ᠬᠤᠯᠪᠤᠭᠳᠠᠯ ᠪᠦᠬᠦᠢ ᠲᠤᠭᠳᠠᠭᠠᠯ ᠢ | ᠦᠨᠳᠤᠰᠦᠯᠡᠨ ᠲᠡᠷᠭᠡ ᠵᠦᠷᠢᠬᠦ ᠵᠠᠮ᠂ ᠤᠰᠤ ᠭᠠᠳᠠᠭᠰᠢᠯᠠᠭᠤᠯᠬᠤ ᠵᠢᠴᠢ ᠬᠠᠰᠢᠵᠤ ᠰᠡᠷᠭᠡᠶᠢᠯᠡᠬᠦ ᠳᠦᠬᠦᠬᠡᠷᠦᠮᠵᠢ | ᠨᠤᠭᠤᠳ ᠢ ᠳᠤᠬᠢᠷᠠᠭᠤᠯᠤᠨ᠎ᠠ᠃ ᠵᠠᠰᠠᠮᠠᠯ ᠵᠠᠮ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠶᠢ ᠪᠦᠷᠢᠨᠰᠢᠭᠦᠯᠵᠦ᠂ ︽ᠳᠣᠯᠤᠭ᠎ᠠ ᠶᠢ ᠢᠯᠡ ᠪᠣᠯᠭᠠᠬᠤ︾ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠷᠠᠳᠴᠢᠯᠠᠯ ᠢᠶᠠᠷ ᠬᠠᠮᠢᠶᠠᠷᠬᠤ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠭᠤᠷᠪᠠ︶ ᠵᠠᠰᠠᠮᠠᠯ ᠵᠠᠮ ᠤᠨ ᠠᠷᠠᠴᠢᠯᠠᠯᠳᠠ ᠬᠠᠮᠠᠭᠠᠯᠠᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠭ᠎ᠠ ᠶᠢᠨ ᠠᠵᠢᠯ ᠢ ︽ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ | ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠤᠯᠡᠠ ᠲᠦᠮᠡᠨ ᠢ | ᠲᠡᠶᠢᠴᠢᠯᠡᠠ ᠢᠳᠡᠪᠬᠢᠲᠡᠶ ᠣᠷᠣᠯᠴᠠᠭᠤᠯᠵᠤ᠂ ᠭᠠᠴᠠᠭᠠᠨ ᠤ ᠠᠷᠠᠳ ᠤᠨ ᠳᠠᠭᠠᠭᠠᠴᠢᠯᠠᠨ ᠠᠷᠠᠴᠢᠯᠠᠬᠤ ᠶᠢ ᠳᠡᠯᠭᠡᠷᠡᠭᠦᠯᠬᠦ | ᠬᠡᠷᠡᠭᠲᠡᠶ᠃ ᠬᠤᠰᠢᠭᠤᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠶᠢᠨ ᠬᠢᠨ ᠲᠤᠰᠬᠠᠶ ᠮᠡᠷᠭᠡᠵᠢᠯ ᠤᠨ | ᠠᠷᠠᠴᠢᠯᠠᠯᠲᠠ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠵᠠᠮ | ᠠᠷᠠᠴᠢᠯᠠᠬᠤ ᠶᠢ ᠶᠡᠬᠡᠪᠡᠷ ᠥᠷᠨᠢᠭᠦᠯᠵᠦ᠂ ᠵᠠᠰᠠᠮᠠᠯ ᠵᠠᠮ ᠤᠨ ᠮᠠᠰᠢᠨᠴᠢᠯᠠᠭᠰᠠᠨ ᠠᠷᠠᠴᠢᠯᠠᠨ ᠬᠠᠮᠠᠭᠠᠯᠠᠬᠤ ︵ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ︶ ᠭᠤᠤᠯ ᠲᠣᠭᠲᠠᠴᠠ ᠶᠢ ᠠᠰᠢᠭᠯᠠᠨ᠂ ︽ᠪᠠᠷᠢᠮᠵᠢᠶᠠᠵᠢᠭᠤᠯᠬᠤ᠂ | ᠵᠢᠷᠤᠮᠵᠢᠭᠤᠯᠬᠤ᠂ ᠨᠠᠷᠢᠯᠢᠬᠵᠢᠭᠤᠯᠬᠤ︾ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ | ᠲᠤᠰᠬᠠᠶᠢᠯᠠᠨ ᠠᠷᠠᠴᠢᠯᠠᠨ ᠬᠠᠮᠠᠭᠠᠯᠠᠬᠤ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠢᠴᠢ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠶᠢ ᠪᠠᠲᠤᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ | ᠡᠯ᠎ᠡ ᠰᠤᠮᠤ ᠰᠢᠶᠠᠩ ᠪᠠᠯᠭᠠᠰᠤ ᠨᠤᠭᠤᠳ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠯᠪᠠᠨ ᠬᠡᠷ ᠢ ᠪᠠᠶᠢᠭᠤᠯᠤᠨ ᠪᠦᠷᠢᠨᠰᠢᠬᠦᠯᠵᠦ᠂ ᠲᠤᠰᠬᠠᠶ ᠬᠥᠮᠦᠨ ᠲᠣᠭᠲᠠᠭᠠᠨ᠂ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠲᠤᠰᠬᠠᠶ ᠠᠷᠠᠴᠢᠯᠠᠯᠲᠠ ᠶᠢᠨ ᠵᠠᠮ ᠪᠠ ᠭᠤᠣᠯ | ᠭᠤᠣᠯ ᠱᠤᠭᠤᠮ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠶᠢᠨ ᠥᠷᠲᠡᠭᠡᠨ ᠤ ᠪᠦᠲᠦᠭᠡᠨ | ᠪᠠᠶᠢᠭᠤᠯᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠠᠷᠢᠴᠠᠩᠭᠤᠶ ᠪᠠᠷ ᠲᠣᠭᠲᠠᠪᠤᠷᠢᠲᠠᠶ ᠬᠠᠮᠢᠶᠠᠷᠴᠤ | ᠠᠷᠠᠴᠢᠯᠠᠬᠤ ᠡᠩᠨᠡᠭᠡ ᠶᠢ ᠪᠠᠶᠢᠭᠤᠯᠤᠨ᠎ᠠ᠃ | ︵ᠳᠥᠷᠪᠡ︶ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ︽ᠵᠠᠰᠠᠭ ᠤᠨ ᠣᠷᠳᠣᠨ | ᠭᠤᠤᠯᠯᠠᠨ ᠤᠳᠤᠷᠢᠳᠬᠤ᠂ ᠰᠠᠯᠠᠭ᠎ᠠ ᠮᠥᠴᠢᠷ ᠬᠠᠷᠢᠭᠤᠴᠠᠬᠤ᠂ ᠣᠯᠠᠨ ᠲᠦᠮᠡᠨ ᠣᠷᠣᠯᠴᠠᠬᠤ᠂ ᠶᠡᠷᠦᠩᠬᠡᠶᠢᠯᠡᠨ | ᠵᠠᠰᠠᠬᠤ︾ ᠵᠠᠷᠴᠢᠮ ᠪᠠ ᠬᠤᠰᠢᠭᠤᠨ ᠤ ᠨᠢᠭᠡᠳᠦᠯᠲᠡᠶ ᠬᠠᠤᠯᠢ ᠬᠡᠷᠡᠭᠵᠢᠭᠦᠯᠬᠦ᠂ ᠰᠤᠮᠤ ᠰᠢᠶᠠᠩ ᠪᠠᠯᠭᠠᠰᠤ᠂ | ᠲᠣᠰᠬᠤᠨ ᠤ ᠵᠣᠬᠢᠴᠠᠭᠤᠯᠤᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠶᠣᠰᠣᠭᠠᠷ᠂ ︽ᠬᠤᠰᠢᠭᠤ ᠵᠠᠮ ᠤᠨ | ᠶᠠᠪᠤᠳᠠᠯ ᠤᠨ ᠠᠵᠢᠯᠲᠠᠨ ᠲᠠᠢ᠂ ᠰᠤᠮᠤ ᠰᠢᠶᠠᠩ ᠪᠠᠯᠭᠠᠰᠤ ᠬᠢᠨᠠᠨ ᠬᠠᠮᠢᠶᠠᠷᠤᠭᠴᠢ ᠲᠠᠢ᠂ ᠲᠣᠰᠬᠤᠨ ᠵᠠᠮ | ᠬᠠᠮᠠᠭᠠᠯᠠᠭᠴᠢ ᠲᠠᠢ︾ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠯ᠎ᠡ ᠰᠤᠮᠤ | ᠰᠢᠶᠠᠩ ᠪᠠᠯᠭᠠᠰᠤ ᠨᠢ ᠵᠠᠮ ᠤᠨ ᠶᠠᠪᠤᠳᠠᠯ ᠤᠨ ᠬᠢᠨᠠᠨ ᠬᠠᠮᠢᠶᠠᠷᠬᠤ ᠠᠵᠢᠯᠲᠠᠨ ᠳᠣᠭᠢᠷᠠᠭᠤᠯᠵᠤ᠂ ᠲᠣᠰᠬᠤᠨ | ᠪᠣᠯᠭᠠᠨ ᠳᠤ ᠵᠠᠮ ᠬᠠᠮᠠᠭᠠᠯᠠᠭᠴᠢ ᠳᠣᠭᠢᠷᠠᠭᠤᠯᠤᠨ᠂ ᠲᠣᠰ ᠬᠠᠷᠢᠶ᠎ᠠ ᠣᠷᠣᠨ ᠤ ᠪᠠᠨ ᠵᠠᠰᠠᠮᠠᠯ ᠵᠠᠮ ᠤᠨ | ᠬᠠᠮᠢᠶᠠᠷᠤᠯᠲᠠ ᠶᠢ ᠬᠠᠷᠢᠭᠤᠴᠠᠭᠤᠯᠵᠤ᠂ ᠵᠠᠮ ᠤᠨ ᠡᠷᠬᠡ ᠶᠢ ᠬᠠᠮᠠᠭᠠᠯᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠠᠰᠠᠨ ᠴᠡᠭᠴᠡᠯᠡᠬᠦ ᠠᠵᠢᠯ ᠢ ᠬᠠᠮᠵᠢᠭᠤᠯᠬᠤ ᠬᠡᠷᠡᠭᠲᠡᠶ᠃ ᠵᠠᠮ ᠤᠨ ᠶᠠᠪᠤᠳᠠᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠪᠣᠯᠤᠨ ᠡᠯ᠎ᠡ ᠰᠤᠮᠤ ᠰᠢᠶᠠᠩ ᠪᠠᠯᠭᠠᠰᠤ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠮ ᠤᠨ | ᠶᠠᠪᠤᠳᠠᠯ ᠵᠠᠰᠠᠮᠠᠯ ᠵᠠᠮ ᠤᠨ ᠬᠠᠮᠢᠶᠠᠷᠤᠯᠲᠠ ᠪᠣᠯᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ | ᠲᠡᠷᠭᠡ ᠶᠢ ᠵᠠᠰᠠᠬᠤ ᠴᠡᠭᠴᠡᠯᠡᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ | ︵ᠲᠠᠪᠤ︶ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢ ᠬᠥᠭᠵᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠡᠳᠬᠦᠬᠦ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ | ᠺᠣᠮᠫᠠᠨᠢᠴᠢᠯᠠᠭᠰᠠᠨ ᠡᠵᠡᠩᠨᠡᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ | ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠡᠮᠬᠢᠯᠡᠨ ᠨᠡᠶᠢᠯᠡᠭᠦᠯᠬᠦ ᠶᠢ ᠬᠡᠷᠡᠭᠵᠢᠭᠦᠯᠵᠦ᠂ | ᠬᠡᠪᠴᠢᠶᠡᠵᠢᠭᠰᠡᠨ᠂ ᠡᠷᠴᠢᠮᠵᠢᠭᠰᠡᠨ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ | ᠵᠠᠭᠪᠤᠷ ᠢ ᠪᠣᠶ ᠪᠣᠯᠭᠠᠨ᠎ᠠ︔ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠬᠤᠲᠠ ᠬᠥᠳᠡᠭᠡ ᠶᠢᠨ ᠠᠶᠠᠨᠴᠢᠳ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠷᠠᠳ ᠲᠤ ᠲᠥᠬᠦᠮ ᠦᠵᠡᠭᠦᠯᠬᠦ ᠵᠢᠵᠢᠭ | ᠰᠠᠭᠤᠳᠠᠯ ᠤᠨ ᠮᠠᠰᠢᠨ ᠢ ᠬᠥᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ | ᠬᠤᠰᠢᠭᠤᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ | ᠬᠥᠭᠵᠢᠯᠲᠡ ᠶᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠣᠤᠷ | ᠰᠦᠯᠵᠢᠶ᠎ᠡ ᠳᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ ᠳᠤ ᠬᠠᠨᠳᠤᠭᠤᠯᠤᠭᠰᠠᠨ ᠪᠠᠷᠠᠭᠠᠨ ᠤ ᠭᠦᠢᠯᠭᠡᠭᠡᠨ ᠤ | ᠵᠠᠬ᠎ᠠ ᠳᠡᠯᠭᠡᠭᠦᠷ ᠢ ᠶᠡᠬᠡᠪᠡᠷ ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠤᠨ ᠬᠡᠷᠡᠭᠰᠡᠯ᠂ | ᠬᠡᠷᠡᠭᠯᠡᠭᠡᠨ ᠤ ᠵᠦᠢᠯ ᠵᠢᠴᠢ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠦᠷᠭᠡᠨ ᠳᠣᠭᠢᠷᠠᠭᠤᠯᠤᠨ | ᠬᠦᠷᠭᠡᠬᠦ᠂ ᠬᠠᠳᠠᠭᠠᠯᠠᠬᠤ᠂ ᠪᠣᠭᠤᠳᠠᠯᠯᠠᠬᠤ ᠰᠢᠰᠲ᠋ᠧᠮᠵᠢ ᠶᠢ ᠪᠠᠶᠢᠭᠤᠯᠬᠤ ᠶᠢ ᠬᠥᠲᠥᠯᠦᠨ ᠵᠢᠯᠣᠭᠤᠳᠤᠨ᠎ᠠ︔ | ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠪᠠ ᠪᠠᠷᠠᠭ᠎ᠠ ᠶᠢᠨ ᠲᠣᠣᠷ ᠴᠢᠭ ᠪᠣᠯᠤᠨ ᠰᠢᠦᠳᠠᠨ ᠤ ᠪᠠᠷᠠᠭ᠎ᠠ ᠶᠢᠨ | ᠭᠦᠢᠯᠭᠡᠭᠡᠨ ᠤ ᠲᠣᠣᠷ ᠴᠢᠭ ᠤᠨ ᠳᠠᠪᠬᠤᠷ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠠᠷᠢᠶᠠᠯᠠᠬᠤ ᠮᠠᠯᠵᠢᠬᠤ | ᠣᠷᠣᠨ ᠤ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠬᠥᠳᠡᠭᠡ | ᠶᠢᠨ ᠰᠠᠭᠤᠭᠠᠯᠢ ᠠᠷᠠᠳ ᠤᠨ ᠰᠣᠯᠢᠯᠴᠠᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ | ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠳᠠᠶᠢᠴᠢᠯᠠᠬᠤ ᠬᠡᠷᠡᠭᠲᠡᠶ᠃ | ︵ᠵᠢᠷᠭᠤᠭ᠎ᠠ︶ ᠵᠠᠮ ᠬᠠᠷᠢᠯᠴᠠᠭᠠᠨ ᠤ ᠠᠮᠤᠷ ᠲᠦᠪᠰᠢᠨ ᠢ ᠴᠢᠩᠭᠠᠳᠬᠠᠨ᠎ᠠ᠃ ︽ᠠᠮᠤᠷ ᠲᠦᠪᠰᠢᠨ ᠢ | ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠵᠠᠰᠠᠬᠤ︾ | ᠴᠢᠭᠯᠡᠯᠲᠡ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠨ ᠣᠷᠣᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ | ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ ᠶᠢᠨ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠯᠪᠠᠨ ᠬᠡᠷ ᠵᠢᠴᠢ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠣᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ | ᠠᠯᠬᠤᠮ ᠠᠯᠬᠤᠮ ᠢᠶᠠᠷ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ | ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠵᠠᠮ ᠬᠠᠷᠢᠯᠴᠠᠭ᠎ᠠ ᠵᠠᠮ ᠤᠨ ᠶᠠᠪᠤᠳᠠᠯ ᠪᠣᠯᠤᠨ | ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠯᠪᠠᠨ ᠬᠡᠷ ᠨᠢ ᠬᠠᠮᠵᠢᠯᠴᠠᠭ᠎ᠠ ᠪᠠᠨ | ᠦᠨᠡᠨᠬᠦ ᠴᠢᠩᠭᠠᠳᠬᠠᠵᠤ᠂ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠥᠳᠡᠭᠡ ᠲᠣᠰᠬᠤᠨ ᠤ | ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃ | ᠵᠢᠷᠭᠤᠭ᠎ᠠ᠂ ᠠᠵᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠰᠢᠶᠠᠩ | ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠵᠣᠬᠢᠴᠠᠩᠭᠤᠶ ᠪᠠᠷ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠰᠠᠶᠢᠲᠤᠷ | ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ︾ ᠶᠢ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠳᠤᠮᠳᠠᠬᠢ ᠪᠥᠬᠦ ᠲᠠᠯ᠎ᠠ ᠶᠢᠨ ᠴᠢᠨᠠᠷᠲᠠᠶ | ᠶᠡᠭᠡ ᠶᠠᠪᠤᠳᠠᠯ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ | ᠠᠵᠢᠯᠯᠠᠭᠠᠨ ᠨᠢ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠡᠷᠴᠢᠮᠲᠡᠶ ᠪᠠᠶᠢᠬᠤ ᠬᠡᠷᠡᠭᠲᠡᠶ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠠᠰᠢᠭᠲᠠᠶ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠬᠤ ᠬᠠᠮᠢᠶᠠᠷᠬᠤ ᠬᠠᠮᠠᠭᠠᠯᠠᠬᠤ ᠡᠵᠡᠩᠨᠡᠬᠦ ᠶᠢ | ᠵᠣᠬᠢᠴᠠᠩᠭᠤᠶ ᠪᠠᠷ ᠬᠥᠭᠵᠢᠭᠦᠯᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ︵ᠬᠤᠶᠠᠷ︶ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ | ᠴᠢᠩᠳᠠᠯᠠᠵᠤ᠂ ᠤᠰᠤ ᠭᠠᠳᠠᠭᠰᠢᠯᠠᠭᠤᠯᠬᠤ᠂ ᠰᠡᠷᠭᠡᠶᠢᠯᠡᠨ ᠬᠠᠮᠠᠭᠠᠯᠠᠬᠤ᠂ ᠠᠮᠤᠷ ᠲᠦᠪᠰᠢᠨ ᠤ ᠪᠡᠯᠡᠳᠬᠡᠮᠵᠢ᠂ ᠲᠡᠭᠰᠢ | ᠣᠭᠲᠣᠯᠣᠯᠴᠠᠬᠤ ᠵᠠᠮ ᠤᠨ ᠠᠭᠤᠯᠵᠠᠷ ᠤᠨ ᠨᠠᠷᠢᠯᠢᠬᠵᠢᠭᠤᠯᠤᠭᠰᠠᠨ ᠵᠢᠷᠤᠭ ᠲᠥᠯᠥᠪᠯᠡᠭᠡ ᠶᠢ ᠴᠢᠩᠭᠠᠳᠬᠠᠨ᠂ | ᠪᠠᠷᠢᠯᠭ᠎ᠠ ᠶᠢᠨ ᠠᠵᠢᠯ ᠤᠨ ᠪᠠᠷᠢᠮᠵᠢᠶᠠᠵᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠢᠷᠢ ᠬᠡᠮᠵᠢᠶ᠎ᠡ᠂ ᠭᠠᠮᠰᠢᠭ ᠢ | ᠰᠡᠷᠭᠡᠶᠢᠯᠡᠬᠦ ᠴᠢᠳᠠᠪᠤᠷᠢ ᠪᠠ ᠬᠡᠷᠡᠭᠯᠡᠭᠡᠨ ᠤ ᠴᠢᠳᠠᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠷᠠᠴᠢᠯᠠᠨ | ᠬᠠᠮᠠᠭᠠᠯᠠᠬᠤ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ᠂ ᠠᠷᠠᠴᠢᠯᠠᠨ ᠬᠠᠮᠠᠭᠠᠯᠠᠬᠤ ᠠᠭᠤᠯᠭ᠎ᠠ ᠵᠢᠴᠢ ᠪᠠᠷᠢᠮᠵᠢᠶ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠤᠨ | ᠪᠠᠷᠢᠮᠵᠢᠶᠠᠵᠢᠭᠤᠯᠤᠯᠲᠠ ᠶᠢ ᠠᠬᠢᠭᠤᠯᠤᠨ᠂ ᠠᠷᠠᠴᠢᠯᠠᠨ ᠬᠠᠮᠠᠭᠠᠯᠠᠬᠤ ᠶᠢ ᠢᠯᠡ ᠨᠡᠶᠢᠲᠡᠯᠡᠬᠦ ᠲᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠠᠩ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠣᠷᠴᠢᠨ | ᠲᠣᠭᠤᠷᠢᠨ ᠢ ᠪᠠᠶᠢᠭᠤᠯᠬᠤ ᠳᠤ ᠰᠠᠭᠤᠷᠢ ᠶᠢ ᠪᠠᠲᠤᠳᠬᠠᠬᠤ ᠬᠡᠷᠡᠭᠲᠡᠶ᠃ | ︵ᠭᠤᠷᠪᠠ︶ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠨ᠎ᠠ᠃ ᠬᠤᠰᠢᠭᠤᠨ ᠤ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠲᠠᠰᠤᠭ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ᠂ ᠣᠨ ᠤ ᠰᠤᠭᠤᠴᠢᠨ | ᠪᠠᠶᠢᠴᠠᠭᠠᠬᠤ ᠵᠢᠴᠢ ᠲᠤᠰᠬᠠᠶ ᠵᠦᠢᠯ ᠢᠶᠠᠷ ᠰᠢᠮᠳᠠᠭᠤᠯᠤᠨ ᠭᠦᠢᠴᠡᠳᠬᠡᠬᠦ ᠵᠡᠷᠭᠡ ᠠᠷᠭ᠎ᠠ ᠮᠠᠶ᠋ᠢᠭ ᠢ ᠠᠪᠴᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ | ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠮᠠᠲ᠋ᠧᠷᠢᠶᠠᠯ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠴᠢᠬᠤᠯᠠ ᠵᠠᠩᠭᠢᠯᠠᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢ ᠰᠢᠯᠵᠢᠭᠦᠯᠦᠨ ᠥᠭᠬᠦ ᠪᠠ ᠬᠡᠷᠡᠭᠯᠡᠬᠦ ᠳᠤ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ ᠬᠢᠨᠠᠨ ᠪᠠᠶᠢᠴᠠᠭᠠᠬᠤ ᠵᠥᠪᠯᠡᠯ ᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠳᠠᠬᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ | ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ | ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ | ᠬᠠᠮᠢᠶᠠᠷᠤᠯᠲᠠ ᠠᠷᠠᠴᠢᠯᠠᠯᠳᠠ ᠡᠵᠡᠩᠨᠡᠯᠳᠡ ᠶᠢᠨ ᠵᠣᠬᠢᠴᠠᠩᠭᠤᠶ᠂ ᠡᠷᠡᠭᠦᠯ ᠢᠶᠠᠷ ᠬᠥᠭᠵᠢᠬᠦ᠂ ᠪᠥᠬᠦ ᠲᠠᠯ᠎ᠠ ᠪᠠᠷ | ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ | | ᠠᠰᠠᠭᠤᠯᠳᠠ᠄ ᠶᠠᠭᠤ ᠶᠢ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠭᠡᠬᠦ ᠪᠤᠢ︖ | ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ | ᠶᠡᠷᠦᠩᠬᠡᠢ ᠱᠦᠵᠢ ᠶᠢᠨ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠳᠡ ᠶᠢᠨ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ︽ᠰᠠᠶᠢᠲᠤᠷ ᠪᠠᠶᠢᠭᠤᠯᠬᠤ᠂ ᠰᠠᠶᠢᠲᠤᠷ | ᠬᠠᠮᠢᠶᠠᠷᠬᠤ᠂ ᠰᠠᠶᠢᠲᠤᠷ ᠠᠷᠠᠴᠢᠯᠠᠬᠤ᠂ ᠰᠠᠶᠢᠲᠤᠷ ᠡᠵᠡᠩᠨᠡᠬᠦ︾ ︽ᠳᠥᠷᠪᠡᠨ ᠰᠠᠶᠢᠨ︾ ᠤ ᠶᠡᠷᠦᠩᠬᠡᠶ ᠬᠠᠷᠠᠯᠲᠠ ᠶᠢ | ᠪᠡᠶᠡᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ | ﹀ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ︵ᠵᠠᠮ ᠬᠠᠷᠢᠯᠴᠠᠭ᠎ᠠ ᠵᠠᠰᠠᠮᠠᠯ ᠵᠠᠮ ᠤᠨ | ᠲᠠᠷᠬᠠᠭᠠᠭᠰᠠᠨ︹ 2015 ︺ 73 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠤᠨ ︽︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠤᠨ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠲᠥᠰᠦᠯ ᠤᠨ ᠲᠤᠬᠠᠶ ᠮᠡᠳᠡᠭᠳᠡᠯ︾ ︵ᠥᠪᠥᠷ ᠵᠠᠮ ᠬᠠᠷᠢᠯᠴᠠᠭ᠎ᠠ | ᠲᠠᠷᠬᠠᠭᠠᠭᠰᠠᠨ ︹ 2015 ︺ 699 ᠳ᠋ᠤᠭᠡᠷ ᠲᠣᠭᠠᠲᠤ︶ ᠵᠢᠴᠢ ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠪᠥᠬᠦ ᠬᠤᠲᠠ ᠶᠢᠨ ︽ᠥ᠋ᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ | ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠰᠤᠳᠤᠯᠤᠨ ᠪᠠᠶᠢᠷᠢᠯᠠᠭᠤᠯᠪᠠ᠃ ᠮᠠᠨ ᠤ | ᠬᠤᠰᠢᠭᠤ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠭᠰᠡᠨ ᠪᠥᠭᠡᠳ ᠤᠯᠤᠰ ᠤᠨ ᠲᠠᠰ ᠤᠨ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ | ᠤᠨ ᠵᠢᠱᠢᠶ᠎ᠡ ᠦᠵᠡᠭᠦᠯᠬᠦ ᠰᠢᠶᠠᠨ ᠤ ᠢᠷᠠᠭᠤ ᠠᠯᠳᠠᠷ ᠢ ᠬᠦᠷᠲᠡᠪᠡ᠃ | | ᠠᠰᠠᠭᠤᠯᠳᠠ᠄ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠠᠴᠢ ᠬᠤᠯᠪᠣᠭᠳᠠᠯ ︖ | ᠬᠠᠷᠢᠭᠤᠯᠲᠠ᠄ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠢ ᠪᠦᠳᠦᠭᠡᠨ ᠪᠠᠶᠢᠭᠤᠯᠬᠤ ᠪᠣᠯ | ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠤᠳᠤᠷᠢᠳᠴᠤ᠂ ᠠᠬᠢᠭᠤᠯᠵᠤ᠂ ᠦᠢᠯᠡᠳᠦᠯᠭᠡᠵᠢᠭᠦᠯᠵᠦ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠪᠣᠯ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠢ | ᠪᠠᠲᠤᠯᠠᠬᠤ ᠦᠨᠳᠦᠰᠦᠨ ᠬᠦᠴᠦᠨ ᠵᠦᠶ᠋ᠯ ᠤᠨ ᠨᠢᠭᠡ ᠪᠣᠯᠬᠤ ᠪᠥᠭᠡᠳ ᠲᠠᠷᠢᠶᠠᠯᠠᠩ ᠪᠠ ᠬᠥᠳᠡᠭᠡ ᠲᠣᠰᠬᠤᠨ ᠤ | ᠬᠥᠭᠵᠢᠯᠲᠡ ᠶᠢᠨ ᠤᠳᠤᠷᠢᠳᠤᠮᠵᠢ ᠶᠢᠨ ᠴᠢᠨᠠᠷᠲᠠᠶ᠂ ᠰᠠᠭᠤᠷᠢ ᠴᠢᠨᠠᠷᠲᠠᠶ ᠪᠡᠯᠡᠳᠬᠡᠮᠵᠢ ᠪᠠᠶᠢᠵᠤ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ | | | ᠠᠰᠠᠭᠤᠯᠳᠠ᠄ ︽ ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠢ ᠬᠡᠷᠬᠢᠨ ᠪᠦᠳᠦᠭᠡᠨ ᠪᠠᠶᠢᠭᠤᠯᠬᠤ | ᠪᠤᠢ ︖ | ᠬᠠᠷᠢᠭᠤᠯᠲᠠ᠄ ︽ ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ᠂ ︽ᠬᠠᠮᠲᠤᠷᠠᠭᠰᠠᠨ ᠳᠠᠶᠢᠯᠠᠯᠳᠤᠭᠠᠨ ᠤ ᠮᠠᠶ᠋ᠢᠭ︾ ᠤᠨ ᠪᠦᠲᠦᠭᠡᠨ ᠪᠠᠶᠢᠭᠤᠯᠤᠯᠲᠠ ᠠᠴᠠ | ᠲᠥᠪᠯᠡᠷᠡᠭᠦᠯᠦᠨ ᠪᠣᠭᠤᠮᠲᠠ ᠰᠢᠪᠲᠤᠯᠬᠤ ᠲᠡᠰᠢ ᠬᠤᠪᠢᠷᠠᠭᠤᠯᠬᠤ᠂ ᠬᠤᠯᠪᠣᠯᠳᠤᠭᠤᠯᠤᠨ ᠨᠡᠪᠲᠡᠷᠡᠭᠦᠯᠬᠦ ᠶᠢ | ᠴᠢᠬᠤᠯᠠᠴᠢᠯᠠᠵᠤ ᠪᠠᠶᠢᠭᠰᠠᠨ ᠠᠴᠠ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠲᠡᠰᠢ ᠬᠤᠪᠢᠷᠠᠭᠤᠯᠬᠤ᠂ | ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠵᠤ ᠪᠠᠶᠢᠭᠰᠠᠨ ᠠᠴᠠ ᠪᠦᠲᠦᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ | ᠡᠵᠡᠩᠨᠡᠬᠦ ᠶᠢ ᠵᠣᠬᠢᠴᠠᠩᠭᠤᠶ ᠪᠠᠷ ᠬᠥᠭᠵᠢᠭᠦᠯᠬᠦ ᠲᠡᠰᠢ ᠬᠤᠪᠢᠷᠠᠭᠤᠯᠬᠤ᠂ ᠬᠥᠭᠵᠢᠯᠲᠡ ᠳᠤ ᠵᠣᠬᠢᠴᠠᠬᠤ ᠠᠴᠠ | ᠬᠥᠭᠵᠢᠯᠲᠡ ᠶᠢ ᠬᠥᠲᠥᠯᠥᠨ ᠳᠠᠭᠠᠭᠤᠯᠬᠤ ᠲᠡᠰᠢ ᠬᠤᠪᠢᠷᠠᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ᠃ | ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠭᠰᠡᠨ | ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠰᠢᠨ᠎ᠡ ᠪᠠᠶᠢᠭᠤᠯᠤᠮᠵᠢ ᠶᠢ | ᠪᠠᠶᠢᠭᠤᠯᠵᠤ᠂ ᠰᠤᠮᠤ ᠰᠢᠶᠠᠩ ᠪᠠᠯᠭᠠᠰᠤ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ | ᠥᠷᠲᠡᠭᠡ ᠪᠠᠶᠢᠭᠤᠯᠵᠤ᠂ ᠭᠠᠴᠠᠭ᠎ᠠ ᠲᠣᠰᠬᠤᠨ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ | ᠬᠠᠮᠠᠭᠠᠯᠠᠬᠤ ᠭᠠᠵᠠᠷ ᠪᠠᠶᠢᠭᠤᠯᠵᠤ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ ᠪᠤᠯᠤᠨ ᠵᠠᠷᠤᠳᠠᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ | ᠪᠦᠬᠦᠨ ᠢ ᠬᠤᠰᠢᠭᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠵᠠᠮ ᠪᠠᠶᠢᠪᠠᠯ ᠵᠠᠪᠠᠯ | ᠠᠷᠠᠴᠢᠯᠠᠬᠤ ᠶᠢ ᠪᠡᠶᠡᠯᠡᠭᠦᠯᠦᠨ᠎ᠡ᠃ | | |