ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ | ᠰᠠᠯᠠᠭ᠎ᠠ ᠮᠥᠴᠢᠷ ᠨᠢᠭᠡᠴᠡ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠡᠷᠡᠭᠦᠯ ᠡᠩᠬᠡ ᠶᠢᠨ ᠳᠠᠷᠬᠠᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ | ᠬᠡᠷᠡᠭᠲᠠᠢ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2021 ᠣᠨ ᠤ 5 ᠰᠠᠷ᠎ᠠ ᠶᠢᠨ 14 | | | | | | ᠡᠷᠡᠭᠦᠯ ᠡᠩᠬᠡ ᠳᠠᠷᠬᠠᠨ ᠮᠤᠤᠮᠢᠩᠭᠠᠨ ᠤ ᠠᠵᠢᠯᠯᠠᠭ᠎ᠠ ᠶᠢ ᠬᠡᠷᠡᠭᠵᠢᠭᠦᠯᠬᠦ ᠲᠦᠰᠦᠯ | ︽︿ᠡᠷᠡᠭᠦᠯ ᠡᠩᠬᠡ ᠳᠤᠮᠳᠠᠳᠤ ᠤᠯᠤᠰ 2030﹀ ᠶᠢᠨ ᠲᠥᠯᠥᠪᠵᠢᠭᠦᠯᠭᠡ ᠶᠢᠨ ᠬᠥᠲᠥᠯᠪᠦᠷᠢ﹀ ᠶᠢ | ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠪ ᠲᠠᠷᠬᠠᠭᠠᠭᠰᠠᠨ ︹ 2016 ︺ 23 ᠳ᠋ᠤᠭᠠᠷ ᠲᠣᠭᠠᠲᠤ︶᠂ | ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︹ 2019 ︺ 13 ᠳ᠋ᠤᠭᠠᠷ ᠲᠣᠭᠠᠲᠤ︶ ᠪᠠ ︽ᠡᠷᠡᠭᠦᠯ | ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠡᠩᠬᠡ ᠳᠠᠷᠬᠠᠨ ᠮᠤᠤᠮᠢᠩᠭᠠᠨ ᠤ ᠠᠵᠢᠯᠯᠠᠭ᠎ᠠ ᠶᠢ ᠬᠡᠷᠡᠭᠵᠢᠭᠦᠯᠬᠦ ᠶᠢ | ᠠᠬᠢᠭᠤᠯᠤᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ᠂ | ᠨᠡᠶᠢᠭᠡᠮ᠂ ᠬᠤᠪᠢ ᠬᠥᠮᠦᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠠᠵᠢᠯ ᠤᠨ ᠣᠶᠢᠯᠠᠭᠠᠭᠳᠠᠬᠤᠨ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠲᠦᠷᠭᠡᠨ ᠠᠬᠢᠭᠤᠯᠵᠤ ᠡᠪᠡᠳᠴᠢᠨ | ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠪᠣᠯᠭᠠᠨ | ᠬᠤᠪᠢᠷᠠᠭᠤᠯᠵᠤ᠂ ᠡᠷᠡᠭᠦᠯ ᠮᠡᠨᠳᠤ ᠶᠢᠨ ᠬᠥᠮᠦᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠷᠡᠭᠦᠯ | ᠮᠡᠨᠳᠤ ᠶᠢᠨ ᠮᠡᠳᠡᠯᠭᠡ ᠶᠢ ᠲᠦᠭᠡᠮᠡᠯᠵᠢᠭᠦᠯᠦᠨ᠂ ᠡᠷᠡᠭᠦᠯ ᠮᠡᠨᠳᠤ ᠶᠢᠨ ᠭᠤᠣᠯᠴᠢ ᠪᠠᠶᠢᠬᠤ ᠶᠢ ᠢᠯᠡᠳᠲᠡ | ᠰᠠᠶᠢᠵᠢᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠮᠡᠨᠳᠤ ᠶᠢᠨ ᠲᠤᠬᠠᠶ ᠵᠥᠪ | ᠦᠵᠡᠯᠲᠡ ᠶᠢ ᠪᠤᠢ ᠪᠣᠯᠭᠠᠵᠤ᠂ ᠡᠷᠡᠭᠦᠯ ᠮᠡᠨᠳᠤ ᠳᠤ ᠠᠰᠢᠭᠲᠠᠶ ᠠᠮᠢᠳᠤᠷᠠᠯ ᠤᠨ ᠠᠷᠭ᠎ᠠ ᠮᠠᠶ᠋ᠢᠭ᠂ ᠠᠮᠢ ᠠᠬᠤᠶ ᠶᠢᠨ | ᠣᠷᠴᠢᠨ ᠨᠥᠬᠦᠴᠡᠯ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ᠂ ᠠᠷᠠᠳ ᠲᠦᠮᠡᠨ ᠤ ᠡᠷᠡᠭᠦᠯ | ᠮᠡᠨᠳᠤ ᠶᠢ ᠪᠠᠲᠤᠯᠠᠬᠤ᠂ ᠡᠷᠡᠭᠦᠯ ᠮᠡᠨᠳᠤ ᠶᠢᠨ ᠥᠨᠢᠳᠡ ᠶᠢᠨ ᠬᠥᠭᠵᠢᠯᠲᠡ ᠶᠢ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠨ᠎ᠠ᠃ | ︵ᠬᠤᠶᠠᠷ︶ ᠦᠨᠳᠦᠰᠦᠨ ᠵᠠᠷᠴᠢᠮ | 1. ᠮᠡᠳᠡᠯᠭᠡ ᠶᠢ ᠲᠦᠭᠡᠮᠡᠯᠵᠢᠭᠦᠯᠵᠦ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠬᠥᠮᠦᠨ ᠨᠢᠭᠡᠪᠦᠷᠢ | ᠲᠣᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠣᠨᠣᠯᠵᠢᠬᠤᠨ ᠢ ᠰᠠᠨᠠᠭᠠᠴᠢᠯᠠᠵᠤ᠂ | ᠡᠷᠡᠭᠦᠯ ᠮᠡᠨᠳᠦ ᠶᠢᠨ ᠮᠡᠳᠡᠯᠭᠡ᠂ ᠦᠢᠯᠡ ᠠᠵᠢᠯᠯᠠᠭ᠎ᠠ ᠪᠠ ᠮᠡᠷᠭᠡᠵᠢᠯ ᠴᠢᠳᠠᠪᠤᠷᠢ ᠶᠢ ᠰᠠᠭᠤᠭᠠᠯᠢ ᠠᠷᠠᠳ ᠤᠨ ᠨᠡᠶᠢᠳᠡᠮ | ᠪᠦᠷᠢᠯᠳᠦᠭᠦᠯᠦᠭᠰᠡᠨ ᠬᠡᠪ ᠴᠢᠨᠠᠷ ᠪᠠ ᠴᠢᠳᠠᠪᠤᠷᠢ ᠪᠣᠯᠭᠠᠨ᠂ ᠲᠣᠰ ᠪᠡᠶ᠎ᠡ ᠪᠠ ᠬᠡᠷ ᠪᠦᠯᠢ ᠶᠢᠨ ᠣᠨᠴᠠᠯᠢᠭ ᠲᠤ | ᠨᠡᠶᠢᠴᠡᠭᠰᠡᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠳᠠᠬᠢ ᠡᠷᠡᠭᠦᠯ ᠰᠠᠷᠠᠭᠤᠯ ᠠᠮᠢᠳᠤᠷᠠᠯ ᠢ ᠴᠢᠷᠮᠠᠶᠢᠨ ᠪᠡᠶᠡᠯᠡᠭᠦᠯᠦᠨ᠎ᠡ᠃ | 2 ᠡᠷᠲᠡ ᠠᠴᠠ ᠭᠠᠷ ᠲᠦᠷᠦᠭᠦ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ᠃ ᠤᠷᠢᠳᠴᠢᠯᠠᠨ | ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ | ᠲᠡᠭᠦᠯᠳᠡᠷᠵᠢᠭᠦᠯᠦᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠷᠡᠭᠦᠯ ᠮᠡᠨᠳᠦ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠦᠢᠯᠡᠴᠢᠯᠡᠭᠡᠨ ᠤ | ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠲᠦᠷᠭᠡᠳᠬᠡᠨ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ | ᠬᠢᠭᠡᠳ ᠡᠷᠡᠭᠦᠯ ᠮᠡᠨᠳᠦ ᠶᠢᠨ ᠦᠢᠯᠡᠴᠢᠯᠡᠭᠡᠨ ᠤ ᠪᠦᠲᠦᠮᠵᠢᠲᠡᠶ ᠵᠣᠯᠭᠠᠭᠤᠯᠤᠯᠲᠠ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠲᠣᠭᠲᠠᠭᠠᠬᠤ᠂ ᠬᠡᠷᠡᠭᠵᠢᠭᠦᠯᠵᠦ ᠳᠣᠭᠢᠷᠠᠭᠤᠯᠬᠤ᠂ ᠵᠣᠬᠢᠶᠠᠨ ᠪᠠᠶᠢᠭᠤᠯᠵᠤ ᠪᠠᠲᠤᠯᠠᠬᠤ ᠵᠡᠷᠭᠡ ᠲᠠᠯ᠎ᠠ ᠪᠠᠷ | ᠭᠤᠤᠯ ᠪᠣᠯᠬᠤ ᠡᠷᠡᠭᠦᠯ ᠮᠡᠨᠳᠦ ᠶᠢᠨ ᠠᠰᠠᠭᠤᠳᠠᠯ ᠵᠢᠴᠢ ᠨᠥᠯᠥᠭᠡᠯᠡᠬᠦ ᠬᠦᠴᠦᠨ ᠵᠦᠢᠯ ᠢ ᠬᠢᠨᠠᠨ ᠬᠡᠮᠵᠢᠬᠦ᠂ | ᠤᠷᠢᠳᠴᠢᠯᠠᠨ ᠰᠡᠷᠡᠮᠵᠢᠯᠡᠭᠦᠯᠬᠦ᠂ ᠦᠨᠡᠯᠡᠨ ᠵᠢᠱᠢᠬᠦ ᠵᠡᠷᠭᠡ ᠭᠤᠭᠴᠤᠭ᠎ᠠ ᠳᠤ ᠭᠠᠷ ᠲᠦᠷᠦᠭᠦ ᠬᠡᠷᠡᠭᠲᠡᠶ᠃ | 3. ᠪᠥᠬᠦ ᠲᠠᠯ᠎ᠠ ᠪᠠᠷ ᠣᠷᠣᠯᠴᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃ ᠪᠠᠶᠢᠭᠤᠯᠭ᠎ᠠ | ᠨᠢᠭᠡᠴᠡ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠬᠡᠷ ᠪᠦᠯᠢ᠂ ᠬᠤᠪᠢ ᠬᠥᠮᠦᠨ ᠤ ᠬᠥᠳᠡᠯᠦᠯᠴᠡᠬᠦ ᠶᠢ | ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠳᠤ | ᠢᠳᠡᠪᠬᠢᠲᠡᠶ ᠠᠭᠤᠰᠤᠯᠴᠠᠭᠤᠯᠤᠨ᠂ ᠪᠥᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠣᠯᠴᠠᠵᠤ᠂ ᠬᠠᠮᠲᠤᠪᠠᠷ ᠪᠠᠶᠢᠭᠤᠯᠵᠤ | ᠬᠠᠮᠲᠤᠪᠠᠷ ᠭᠥᠷᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ | ︵ᠭᠤᠷᠪᠠ︶ ᠶᠡᠷᠦᠩᠬᠡᠶ ᠬᠠᠷᠠᠯᠲᠠ | 2022 ᠣᠨ ᠪᠣᠯᠬᠤ ᠳᠤ᠂ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠳᠡᠯᠭᠡᠷᠡᠭᠦᠯᠵᠦ᠂ ᠬᠦᠨᠳᠦ | ᠶᠡᠭᠡ ᠤᠳᠠᠭᠠᠨ ᠴᠢᠨᠠᠷᠲᠠᠶ ᠡᠪᠡᠳᠴᠢᠨ ᠤ ᠡᠭᠦᠰᠬᠦ ᠨᠣᠷᠮ᠎ᠠ ᠶᠢᠨ ᠳᠡᠭᠡᠭᠰᠢᠯᠡᠬᠦ ᠬᠠᠨᠳᠤᠰᠢ ᠶᠢ ᠪᠦᠲᠦᠮᠵᠢᠲᠡᠶ | ᠬᠤᠷᠢᠭᠯᠠᠨ ᠵᠣᠭᠰᠣᠭᠠᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ᠂ ᠬᠦᠨᠳᠦ ᠨᠣᠴᠢᠲᠠᠶ ᠣᠶᠤᠨ | ᠮᠡᠳᠡᠷᠡᠯ ᠤᠨ ᠰᠠᠭᠠᠳ᠂ ᠣᠷᠣᠨ ᠨᠤᠲᠤᠭ ᠤᠨ ᠡᠪᠡᠳᠴᠢᠨ᠂ ᠠᠵᠢᠯ ᠤᠨ ᠨᠥᠯᠥᠭᠡᠨ ᠤ ᠡᠪᠡᠳᠴᠢᠨ ᠢ ᠪᠦᠲᠦᠮᠵᠢᠲᠡᠶ | ᠰᠡᠷᠭᠡᠶᠢᠯᠡᠨ ᠬᠢᠵᠠᠭᠠᠷᠯᠠᠵᠤ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠢᠯᠡᠳᠲᠡ | ᠰᠠᠶᠢᠵᠢᠷᠠᠭᠤᠯᠤᠨ᠎ᠠ᠃ | 2030 ᠣᠨ ᠪᠣᠯᠬᠤ ᠳᠤ᠂ ᠡᠷᠡᠭᠦᠯ ᠮᠡᠨᠳᠦ ᠶᠢᠨ ᠠᠰᠠᠭᠤᠳᠠᠯ ᠪᠠ ᠨᠥᠯᠥᠭᠡᠯᠡᠬᠦ ᠬᠦᠴᠦᠨ ᠵᠦᠢᠯ ᠢ | ᠪᠦᠲᠦᠮᠵᠢᠲᠡᠶ ᠵᠠᠰᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠪᠠ ᠪᠠᠲᠤᠯᠠᠭ᠎ᠠ᠂ ᠪᠥᠬᠦ ᠠᠷᠠᠳ ᠤᠨ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠡᠷᠡᠭᠦᠯ ᠮᠡᠨᠳᠦ | ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠡᠭᠡᠨ ᠲᠦᠭᠡᠮᠡᠯᠵᠢᠭᠦᠯᠦᠨ᠂ ᠬᠦᠨᠳᠦ ᠶᠡᠭᠡ ᠤᠳᠠᠭᠠᠨ ᠴᠢᠨᠠᠷᠲᠠᠶ | ᠡᠪᠡᠳᠴᠢᠨ ᠠᠴᠠ ᠪᠣᠯᠤᠭᠰᠠᠨ ᠬᠡᠲᠦ ᠡᠷᠲᠡ ᠥᠭᠦᠬᠦ ᠨᠣᠷᠮ᠎ᠠ ᠶᠢ ᠢᠯᠡᠳᠲᠡ ᠪᠠᠭᠤᠷᠠᠭᠤᠯᠵᠤ᠂ ᠬᠥᠮᠦᠨ | ᠳᠤᠮᠳᠠᠴᠢ ᠶᠢᠨ ᠡᠷᠡᠭᠦᠯ ᠮᠡᠨᠳᠦ ᠶᠢᠨ ᠵᠢᠱᠢᠯᠳᠡ ᠨᠠᠰᠤ ᠶᠢ ᠶᠡᠭᠡ ᠪᠠᠷ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ | ᠭᠤᠤᠯ ᠪᠣᠯᠬᠤ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠤᠯᠤᠰ ᠤᠨ ᠳᠤᠮᠳᠠᠴᠢ ᠬᠢᠷᠢ ᠲᠦᠪᠰᠢᠨ ᠳᠤ | ᠬᠦᠷᠦᠭᠦᠯᠵᠦ᠂ ᠡᠷᠡᠭᠦᠯ ᠮᠡᠨᠳᠦ ᠶᠢᠨ ᠭᠤᠤᠯᠴᠢ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠷ | ᠪᠦᠯᠢ ᠪᠠ ᠬᠤᠪᠢ ᠬᠥᠮᠦᠨ ᠳᠤ ᠬᠠᠨᠳᠤᠭᠤᠯᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠷᠲᠡ ᠠᠴᠠ | ᠢᠯᠡᠷᠡᠭᠦᠯᠬᠦ᠂ ᠪᠠᠴᠢᠮ ᠠᠪᠤᠷᠬᠠᠤ᠂ ᠴᠠᠭ ᠲᠤᠬᠠᠶ ᠳᠤᠨᠢ ᠡᠮᠨᠡᠭᠦᠯᠬᠦ᠂ ᠵᠦᠶ ᠵᠣᠬᠢᠰᠲᠠᠶ ᠪᠠᠷ ᠡᠮ ᠬᠡᠷᠡᠭᠯᠡᠬᠦ ᠵᠡᠷᠭᠡ | ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠦᠨ᠎ᠡ᠃ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ ᠪᠠ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠮᠡᠳᠡᠯᠭᠡ ᠶᠢ ᠨᠡᠶᠢᠲᠡᠯᠡᠬᠦ ᠪᠠ ᠤᠯᠠᠮᠵᠢᠯᠠᠬᠤ ᠲᠣᠭᠲᠠᠴᠠ ᠶᠢ ᠪᠠᠶᠢᠭᠤᠯᠤᠨ᠎ᠠ᠃ ᠵᠠᠯᠠᠭᠤᠴᠤᠳ ᠪᠠᠭᠠᠴᠤᠳ᠂ | ᠬᠥᠩᠭᠡᠵᠢᠬᠦ ᠨᠠᠰᠤᠨ ᠤ ᠡᠮᠡᠭᠲᠡᠶᠢᠴᠦᠳ᠂ ᠨᠡᠭᠦᠳᠡᠯ ᠬᠥᠮᠦᠰ ᠵᠢᠴᠢ ᠪᠡᠯᠭᠡ ᠶᠢᠨ ᠳᠠᠮᠵᠢᠭᠤᠯᠭ᠎ᠠ ᠶᠢᠨ ᠠᠶᠤᠯ | ᠲᠦᠭᠰᠢᠭᠦᠷᠢ ᠶᠡᠬᠡᠲᠡᠶ ᠦᠢᠯᠡ ᠠᠵᠢᠯᠯᠠᠭ᠎ᠠ ᠲᠠᠢ ᠬᠥᠮᠦᠰ ᠤᠨ ᠪᠡᠯᠭᠡ ᠶᠢᠨ ᠡᠷᠡᠭᠦᠯ ᠮᠡᠨᠳᠦ᠂ ᠪᠡᠯᠭᠡ ᠶᠢᠨ ᠶᠣᠰᠣ | ᠮᠣᠷᠠᠯ᠂ ᠪᠡᠯᠭᠡ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠤᠤᠯᠳᠠᠯᠭ᠎ᠠ ᠲᠠᠢ ᠴᠢᠩᠭᠠᠳᠬᠠᠨ᠎ᠠ᠃ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠶᠢ ᠠᠬᠢᠭᠤᠯᠬᠤ | ᠪᠠ ᠰᠤᠷᠭᠠᠨ ᠬᠥᠮᠦᠵᠢᠯ ᠥᠷᠨᠢᠭᠦᠯᠬᠦ ᠶᠢᠨ ᠤᠷᠮᠠᠰᠢᠭᠤᠯᠵᠤ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠷᠠᠳᠢᠣ᠋ ᠬᠤᠷᠢᠶ᠎ᠠ | ᠲᠧᠯᠸᠢᠰ ᠬᠤᠷᠢᠶ᠎ᠠ ᠪᠠ ᠵᠠᠭᠤᠴᠢᠯᠠᠭᠤᠷ ᠤᠨ ᠰᠢᠯᠢᠳᠡᠭ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠫᠷᠤᠭ᠍ᠷᠠᠮ ᠡᠷᠭᠢᠯᠡᠬᠦ ᠶᠢ ᠵᠣᠷᠢᠭᠵᠢᠭᠤᠯᠤᠨ᠎ᠠ᠃ 2022 ᠣᠨ ᠪᠠ 2030 ᠣᠨ ᠪᠣᠯᠬᠤ ᠳᠤ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠲᠣᠰ ᠲᠣᠰ 22% ᠪᠠ 30% ᠠᠴᠠ | ᠳᠣᠤᠷ᠎ᠠ ᠪᠠᠶᠢᠯᠭᠠᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠠᠮ ᠵᠠᠭᠤᠴᠢᠯᠠᠭᠤᠷ ᠤᠨ ᠲᠥᠪ᠂ ᠰᠤᠮᠤ ᠰᠢᠶᠠᠩ ᠪᠠᠯᠭᠠᠰᠤ︶ | ︵ᠬᠤᠶᠠᠷ︶ ᠢᠳᠡᠭᠡᠨ ᠤᠮᠳᠠᠭᠠᠨ ᠢᠶᠠᠨ ᠵᠦᠶ ᠵᠣᠬᠢᠰᠲᠠᠶ ᠪᠠᠶᠢᠯᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ | ᠠᠷᠠᠳ ᠢᠷᠭᠡᠳ ᠤᠨ ᠰᠢᠮ᠎ᠡ ᠲᠡᠵᠢᠭᠡᠯ ᠤᠨ ᠲᠥᠯᠥᠪᠯᠡᠭᠡ ︵2017 — 2030 ᠣᠨ︶︾ ᠶᠢ | ᠬᠡᠷᠡᠭᠵᠢᠭᠦᠯᠬᠦ ᠶᠢ ᠠᠬᠢᠭᠤᠯᠵᠤ᠂ ᠢᠳᠡᠭᠡᠨ ᠤᠮᠳᠠᠭᠠᠨ ᠤ ᠰᠢᠮ᠎ᠡ ᠲᠡᠵᠢᠭᠡᠯ ᠤᠨ ᠮᠡᠳᠡᠯᠭᠡ ᠶᠢ ᠪᠥᠬᠦ ᠲᠠᠯ᠎ᠠ ᠪᠠᠷ | ᠲᠦᠭᠡᠮᠡᠯᠵᠢᠭᠦᠯᠦᠨ᠂ ᠠᠳᠠᠯᠢ ᠪᠤᠰᠤ ᠬᠥᠮᠦᠰ ᠤᠨ ᠣᠨᠴᠠᠯᠢᠭ ᠲᠤ ᠳᠣᠭᠢᠷᠠᠬᠤ ᠢᠳᠡᠭᠡᠨ ᠤᠮᠳᠠᠭᠠᠨ ᠤ ᠵᠦᠭᠯᠡᠭᠦᠷ ᠢ | ᠨᠡᠶᠢᠲᠡᠯᠡᠵᠦ᠂ ᠰᠠᠭᠤᠭᠠᠯᠢ ᠠᠷᠠᠳ ᠤᠨ ᠰᠢᠮ᠎ᠡ ᠲᠡᠵᠢᠭᠡᠯ ᠢ ᠬᠢᠨᠠᠨ ᠬᠡᠮᠵᠢᠬᠦ ᠲᠦᠷᠢᠮ ᠪᠠ ᠡᠮᠴᠢᠯᠡᠭᠡᠨ ᠤ ᠰᠢᠮ᠎ᠡ | ᠲᠡᠵᠢᠭᠡᠯ ᠢ ᠬᠠᠮᠢᠶᠠᠷᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠰᠠᠭᠤᠭᠠᠯᠢ | ᠠᠷᠠᠳ ᠤᠨ ᠰᠢᠮ᠎ᠡ ᠲᠡᠵᠢᠭᠡᠯ ᠬᠦᠷᠦᠯᠴᠡᠬᠦ ᠥᠬᠡᠶ ᠪᠠ ᠦᠯᠡᠭᠦᠳᠡᠯ ᠵᠡᠷᠭᠡᠪᠡᠷ ᠣᠷᠣᠰᠢᠵᠤ ᠪᠠᠶᠢᠭ᠎ᠠ ᠠᠰᠠᠭᠤᠳᠠᠯ ᠢ | ᠭᠤᠤᠯᠳᠠᠯᠭ᠎ᠠ ᠲᠠᠢ ᠰᠢᠢᠳᠪᠦᠷᠢᠯᠡᠨ᠎ᠡ᠃ ᠪᠥᠬᠦ ᠨᠡᠶᠢᠭᠡᠮ ᠢᠶᠠᠷ ᠢᠶᠠᠨ ᠳᠠᠪᠤᠰᠤ ᠪᠠᠭᠠᠰᠬᠠᠬᠤ᠂ ᠲᠣᠰᠣ ᠪᠠᠭᠠᠰᠬᠠᠬᠤ᠂ | ᠰᠢᠬᠢᠷ ᠪᠠᠭᠠᠰᠬᠠᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠳᠠᠪᠤᠰᠤ᠂ ᠲᠣᠰᠣ᠂ ᠰᠢᠬᠢᠷ ᠤᠨ | ᠪᠣᠭᠤᠳᠠᠯ ᠤᠨ ᠪᠠᠷᠢᠮᠵᠢᠶ᠎ᠠ ᠶᠢ ᠰᠤᠳᠤᠯᠤᠨ ᠲᠡᠭᠦᠯᠳᠡᠷᠵᠢᠭᠦᠯᠬᠦ ᠳᠤ ᠢᠳᠡᠪᠬᠢᠲᠡᠶ ᠣᠷᠣᠯᠴᠠᠵᠤ᠂ ᠢᠳᠡᠭᠡᠨ ᠤ ᠰᠢᠮ᠎ᠡ | ᠲᠡᠵᠢᠭᠡᠯ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠭᠤᠤᠯᠳᠠᠯᠭ᠎ᠠ ᠲᠠᠢ ᠬᠥᠮᠦᠰ ᠤᠨ ᠰᠢᠮ᠎ᠡ ᠲᠡᠵᠢᠭᠡᠯ ᠳᠤ ᠭᠠᠷ ᠲᠦᠷᠦᠭᠦ ᠶᠢ ᠬᠡᠷᠡᠭᠵᠢᠭᠦᠯᠵᠦ᠂ | ᠰᠢᠮ᠎ᠡ ᠲᠡᠵᠢᠭᠡᠯ ᠳᠤ ᠭᠠᠷ ᠲᠦᠷᠦᠭᠦ ᠶᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠬᠦᠷᠢᠶ᠎ᠡ ᠳᠤ | ᠤᠷᠤᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ | ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠡᠦᠬᠡᠳ | ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ 2022 ᠣᠨ ᠪᠠ | 2030 ᠣᠨ ᠪᠣᠯᠬᠤ ᠳᠤ᠂ ᠰᠠᠭᠤᠭᠠᠯᠢ ᠠᠷᠠᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠮᠡᠳᠡᠯᠭᠡ ᠶᠢ | ᠣᠶᠢᠯᠠᠭᠠᠬᠤ ᠨᠣᠷᠮ᠎ᠠ ᠶᠢ ᠲᠣᠰ ᠲᠣᠰ 2019 ᠣᠨ ᠪᠠ 2022 ᠣᠨ ᠤ ᠰᠠᠭᠤᠷᠢᠨ ᠳᠡᠭᠡᠷ᠎ᠡ 10% ᠪᠠᠷ | ᠳᠡᠭᠡᠭᠰᠢᠯᠡᠭᠦᠯᠵᠦ᠂ 5 ᠨᠠᠰᠤᠨ ᠠᠴᠠ ᠳᠣᠷᠣᠭᠰᠢᠬᠢ ᠬᠡᠤᠬᠡᠳ ᠤᠨ ᠥᠰᠥᠯᠲᠡ ᠤᠳᠠᠭᠠᠰᠢᠷᠠᠬᠤ ᠨᠣᠷᠮ᠎ᠠ ᠶᠢ ᠲᠣᠰ | ᠲᠣᠰ 7% ᠪᠠ 5% ᠠᠴᠠ ᠳᠣᠤᠷ᠎ᠠ ᠪᠠᠶᠢᠯᠭᠠᠵᠤ᠂ ᠨᠠᠰᠤᠨ ᠳᠤ ᠭᠦᠷᠦᠭᠰᠡᠳ ᠤᠨ ᠮᠠᠷᠢᠶᠠᠯᠠᠬᠤ ᠨᠣᠷᠮ᠎ᠠ ᠶᠢ | ᠦᠷᠭᠦᠯᠵᠢᠯᠡᠨ ᠤᠳᠠᠭᠠᠰᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠦᠬᠦ | ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠢᠰᠲ᠋ᠧᠮ ᠢ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠮᠡᠳᠡᠯᠭᠡ ᠪᠠ ᠠᠷᠭ᠎ᠠ ᠶᠢ ᠲᠦᠭᠡᠮᠡᠯᠵᠢᠭᠦᠯᠵᠦ᠂ ᠠᠳᠠᠯᠢ ᠪᠤᠰᠤ ᠬᠥᠮᠦᠰ ᠲᠤ ᠴᠢᠭᠯᠡᠭᠦᠯᠬᠦ ᠴᠢᠨᠠᠷᠲᠠᠶ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠲᠥᠰᠦᠯ ᠪᠤᠶᠤ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠵᠢᠯᠣᠭᠤᠳᠬᠤ ᠦᠢᠯᠡᠴᠢᠯᠡᠭᠡ ᠬᠠᠩᠭᠠᠵᠤ᠂ ︽ᠡᠷᠡᠭᠦᠯ ᠮᠡᠨᠳᠦ ᠪᠠ ᠪᠡᠶ᠎ᠡ ᠶᠢᠨ ᠲᠠᠮᠢᠷ ᠪᠠ | ᠡᠮᠴᠢᠯᠡᠭᠡ ᠶᠢ ᠤᠶᠠᠯᠳᠤᠭᠤᠯᠬᠤ︾ ᠶᠢ ᠠᠬᠢᠭᠤᠯᠤᠨ᠂ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠢᠶᠠᠷ ᠠᠭᠤᠰᠤᠯᠴᠠᠨ | ᠬᠥᠭᠵᠢᠬᠦ ᠰᠢᠨ᠎ᠡ ᠲᠠᠪᠴᠠᠩ ᠢ ᠪᠠᠶᠢᠭᠤᠯᠵᠤ᠂ ᠡᠮᠴᠢᠯᠡᠭᠡᠨ ᠤ ︽ᠡᠪᠡᠳᠴᠢᠨ ᠵᠠᠰᠠᠬᠤ︾ ᠶᠢᠨ ᠦᠵᠦᠭᠦᠷ ᠢ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠪᠠᠷ ᠳᠠᠮᠵᠢᠭᠤᠯᠤᠨ ︽ᠡᠪᠡᠳᠴᠢᠨ ᠰᠡᠷᠭᠡᠶᠢᠯᠡᠬᠦ︾ ᠪᠠ ︽ᠡᠪᠡᠳᠴᠢᠨ | ᠥᠬᠡᠶ ᠪᠠᠷ ᠵᠠᠰᠠᠬᠤ︾ ᠳᠡᠭᠡᠷ᠎ᠡ ᠲᠠᠯᠪᠢᠵᠤ᠂ ᠣᠯᠠᠨ ᠲᠦᠮᠡᠨ ᠤ ᠡᠷᠡᠭᠦᠯ ᠮᠡᠨᠳᠦ ᠪᠠ ᠪᠡᠶ᠎ᠡ ᠴᠢᠭᠢᠷᠠᠭᠵᠢᠭᠤᠯᠬᠤ | ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠨ᠎ᠡ᠃ ᠣᠯᠠᠨ ᠨᠡᠶᠢᠲᠡ ᠶᠢᠨ ᠦᠨᠳᠦᠰᠦᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠪᠡᠶ᠎ᠡ ᠶᠢᠨ ᠲᠠᠮᠢᠷ ᠤᠨ | ᠴᠡᠴᠡᠷᠯᠢᠭ᠂ ᠰᠤᠮᠤ ᠰᠢᠶᠠᠩ ᠪᠠᠯᠭᠠᠰᠤ ᠶᠢᠨ ᠪᠡᠶ᠎ᠡ ᠴᠢᠭᠢᠷᠠᠭᠵᠢᠭᠤᠯᠬᠤ ᠣᠷᠳᠣᠨ᠂ ᠨᠡᠶᠢᠭᠡᠮ ᠲᠣᠭᠤᠷᠢᠭ ᠤᠨ ᠪᠡᠶ᠎ᠡ | ᠴᠢᠭᠢᠷᠠᠭᠵᠢᠭᠤᠯᠬᠤ ᠲᠥᠪ᠂ ᠤᠮᠪᠠᠯᠲᠠ ᠶᠢᠨ ᠣᠷᠳᠣᠨ᠂ ᠮᠥᠰᠥᠨ ᠳᠤ ᠲᠡᠰᠢᠬᠦ ᠣᠷᠳᠣᠨ ᠵᠡᠷᠭᠡ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠬᠤᠲᠠ ᠶᠢᠨ | ᠤᠳᠠᠭᠠᠨ ᠭᠦᠶᠦᠯᠲᠡ ᠶᠢᠨ ᠵᠠᠮ ︵ᠨᠣᠭᠤᠭᠠᠨ ᠵᠠᠮ︶ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠷᠠᠳ | ᠣᠯᠠᠨ ᠤ ᠳᠡᠷᠭᠡᠳᠡᠬᠢ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠴᠢᠷᠮᠠᠶᠢᠨ ᠪᠠᠶᠢᠭᠤᠯᠤᠨ᠎ᠠ᠃ | 2022 ᠣᠨ ᠪᠠ 2030 ᠣᠨ ᠪᠣᠯᠬᠤ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠤᠯᠤᠰ | ᠠᠷᠠᠳ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ︾ ᠳᠤ ᠬᠢᠷᠢ ᠲᠡᠩᠴᠡᠭᠰᠡᠨ ᠠᠴᠠ ᠳᠡᠭᠡᠭᠰᠢ | ᠬᠥᠮᠦᠨ ᠤ ᠲᠤᠭ᠎ᠠ ᠶᠢᠨ ᠬᠠᠷᠢᠴᠠᠯ ᠢ ᠲᠣᠰ ᠲᠣᠰ 90.3% ᠪᠠ 92% ᠠᠴᠠ ᠳᠣᠤᠷ᠎ᠠ ᠪᠠᠶᠢᠯᠭᠠᠵᠤ ᠪᠣᠯᠬᠤ | ᠥᠬᠡᠶ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ | 43% ᠠᠴᠠ ᠳᠡᠭᠡᠭᠰᠢ ᠪᠠ 45% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ︶ | ︵ᠳᠥᠷᠪᠡ︶ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠮᠠᠬᠢ | ᠲᠠᠲᠠᠬᠤ ᠪᠠᠨ ᠵᠣᠭᠰᠣᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠮᠠᠬᠢ ᠲᠠᠲᠠᠬᠤ ᠶᠢ | ᠬᠢᠵᠠᠭᠠᠷᠯᠠᠬᠤ ᠤᠬᠠᠭᠤᠯᠭ᠎ᠠ ᠬᠥᠮᠦᠵᠢᠯ ᠪᠠ ᠲᠠᠮᠠᠬᠢᠨ ᠤ ᠵᠠᠷ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠵᠤ᠂ ᠲᠠᠮᠠᠬᠢᠨ ᠤ ᠪᠣᠭᠤᠳᠠᠯ ᠪᠠᠭᠯᠠᠭ᠎ᠠ ᠶᠢᠨ ᠢᠯᠡᠳᠬᠡᠮᠵᠢ ᠲᠡᠮᠳᠡᠭ ᠤᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠲᠠᠮᠠᠬᠢᠨ ᠤ ᠬᠤᠣᠷ ᠬᠥᠨᠥᠭᠡᠯ ᠢ ᠰᠡᠷᠡᠮᠵᠢᠯᠡᠭᠦᠯᠬᠦ ᠠᠭᠤᠯᠭ᠎ᠠ ᠪᠠ | ᠬᠡᠯᠪᠡᠷᠢ ᠶᠢ ᠪᠠᠶᠠᠯᠢᠭᠵᠢᠭᠤᠯᠤᠨ᠂ ᠲᠠᠮᠠᠬᠢᠨ ᠤ ᠬᠤᠣᠷ ᠬᠥᠨᠥᠭᠡᠯ ᠤᠨ ᠲᠤᠬᠠᠶ ᠤᠯᠠᠨ ᠨᠡᠶᠢᠲᠡ ᠶᠢᠨ ᠲᠠᠨᠢᠨ ᠮᠡᠳᠡᠬᠦ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷ᠂ ᠡᠮᠨᠡᠯᠭᠡ ᠶᠢᠨ ᠠᠵᠢᠯᠲᠠᠳ ᠪᠠ ᠪᠠᠭᠰᠢ ᠨᠠᠷ ᠤᠨ ᠲᠠᠮᠠᠬᠢ | ᠲᠠᠲᠠᠬᠤ ᠶᠢ ᠬᠢᠵᠠᠭᠠᠷᠯᠠᠬᠤ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠪᠥᠬᠦ | ᠬᠤᠰᠢᠭᠤᠨ ᠤ ᠬᠡᠪᠴᠢᠶᠡᠨ ᠳᠤ ᠬᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ᠂ ᠬᠡᠷ ᠳᠣᠲᠣᠷᠠᠬᠢ ᠠᠵᠢᠯᠯᠠᠬᠤ | ᠲᠠᠯᠠᠪᠤᠷ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠳᠣᠲᠣᠷ᠎ᠠ ᠲᠠᠮᠠᠬᠢ ᠲᠠᠲᠠᠬᠤ ᠶᠢ | ᠪᠥᠬᠦ ᠲᠠᠯ᠎ᠠ ᠪᠠᠷ ᠴᠠᠭᠠᠵᠠᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 2022 ᠣᠨ ᠪᠠ 2030 ᠣᠨ | ᠪᠣᠯᠬᠤ ᠳᠤ᠂ 15 ᠨᠠᠰᠤᠨ ᠠᠴᠠ ᠳᠡᠭᠡᠭᠰᠢᠬᠢ ᠬᠥᠮᠦᠰ ᠤᠨ ᠲᠠᠮᠠᠬᠢ ᠲᠠᠲᠠᠬᠤ ᠨᠣᠷᠮ᠎ᠠ ᠶᠢ ᠲᠣᠰ ᠲᠣᠰ 24.5% | ᠪᠠ 20% ᠠᠴᠠ ᠳᠣᠤᠷ᠎ᠠ ᠪᠠᠶᠢᠯᠭᠠᠵᠤ᠂ ᠪᠥᠬᠦ ᠲᠠᠯ᠎ᠠ ᠶᠢᠨ ᠲᠠᠮᠠᠬᠢ ᠲᠠᠲᠠᠬᠤ ᠥᠬᠡᠶ ᠬᠠᠤᠯᠢ ᠲᠣᠭᠲᠠᠭᠠᠯ ᠤᠨ | ᠬᠠᠮᠠᠭᠠᠯᠠᠯᠲᠠ ᠶᠢᠨ ᠬᠥᠮᠦᠨ ᠠᠮᠠ ᠶᠢᠨ ᠬᠠᠷᠢᠴᠠᠯ ᠢ ᠲᠣᠰ ᠲᠣᠰ 30% ᠠᠴᠠ ᠳᠡᠭᠡᠭᠰᠢ ᠪᠠ 80% ᠠᠴᠠ | ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠲᠣᠮᠣ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ︶ | ︵ᠲᠠᠪᠤ︶ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ | ᠪᠦᠬᠦ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠠᠰᠠᠭᠤᠨ ᠯᠠᠪᠯᠠᠬᠤ᠂ ᠡᠮᠨᠡᠨ ᠵᠠᠰᠠᠬᠤ᠂ | ᠬᠢᠮᠤᠷᠠᠯ ᠳᠤ ᠭᠠᠷ ᠲᠦᠷᠦᠭᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠶᠢ ᠬᠥᠲᠥᠯᠦᠨ | ᠵᠢᠯᠣᠭᠤᠳᠴᠤ ᠪᠠᠶᠢᠭᠠᠳ ᠳᠠᠷᠤᠭᠠᠰᠤ ᠶᠢ ᠰᠢᠨᠵᠢᠯᠡᠬᠦ ᠤᠬᠠᠭᠠᠨᠴᠢ ᠪᠠᠷ ᠬᠥᠩᠭᠡᠷᠡᠭᠦᠯᠵᠦ᠂ ᠪᠠᠶᠢᠩᠭᠤ ᠲᠣᠬᠢᠶᠠᠯᠳᠤᠬᠤ | ᠣᠶᠤᠨ ᠮᠡᠳᠡᠷᠡᠯ ᠤᠨ ᠰᠠᠭᠠᠳ ᠵᠢᠴᠢ ᠰᠡᠳᠬᠢᠴᠡ ᠶᠢᠨ ᠦᠢᠯᠡ ᠠᠵᠢᠯᠯᠠᠭ᠎ᠠ ᠶᠢᠨ ᠠᠰᠠᠭᠤᠳᠠᠯ ᠢ ᠵᠥᠪ ᠢᠶᠠᠷ | ᠲᠠᠨᠢᠭᠤᠯᠬᠤ ᠪᠠ ᠠᠷᠭᠠᠴᠠᠨ᠎ᠠ᠃ ᠣᠶᠣᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠣᠶᠣᠨ ᠮᠡᠳᠡᠷᠡᠯ ᠤᠨ ᠰᠠᠭᠠᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ | ᠦᠢᠯᠡᠴᠢᠯᠡᠭᠡ ᠶᠢ ᠳᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠣᠶᠣᠨ ᠮᠡᠳᠡᠷᠡᠯ ᠤᠨ ᠰᠠᠭᠠᠳ ᠢ | ᠡᠷᠡᠭᠦᠯᠵᠢᠭᠦᠯᠬᠦ ᠲᠥᠷᠥᠯ ᠵᠦᠢᠯ ᠪᠠ ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ ᠬᠠᠪᠰᠤᠷᠤᠨ | ᠵᠢᠯᠣᠭᠤᠳᠬᠤ ᠲᠦᠷᠦᠯ ᠵᠦᠢᠯ ᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠶᠡᠷᠦᠩᠬᠡᠶᠢᠯᠡᠨ ᠵᠠᠰᠠᠬᠤ ᠲᠥᠪ ᠵᠡᠷᠭᠡ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ | ᠪᠡᠯᠡᠳᠬᠡᠮᠵᠢ ᠳᠤ ᠲᠦᠰᠢᠭᠯᠡᠨ ᠰᠡᠳᠬᠢᠴᠡ ᠶᠢᠨ ᠯᠠᠪᠯᠠᠬᠤ ︵ᠬᠠᠪᠰᠤᠷᠤᠨ ᠵᠢᠯᠣᠭᠤᠳᠬᠤ︶ ᠲᠠᠰᠤᠭ ᠪᠠᠶᠢᠭᠤᠯᠵᠤ᠂ | ᠲᠤᠰᠬᠠᠶ ᠪᠠ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ ᠵᠢᠯᠣᠭᠤᠳᠬᠤ | ᠠᠵᠢᠯᠲᠠᠨ ᠪᠤᠶᠤ ᠨᠡᠶᠢᠭᠡᠮ ᠤᠨ ᠠᠵᠢᠯᠲᠠᠨ ᠢ ᠳᠣᠭᠢᠷᠠᠭᠤᠯᠤᠨ᠂ ᠦᠨᠳᠦᠰᠦᠨ ᠱᠠᠲᠤᠨ ᠤ ᠰᠡᠳᠬᠢᠴᠡ ᠶᠢᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ | ᠡᠷᠡᠭᠦᠯ ᠮᠡᠨᠳᠦ ᠶᠢᠨ ᠬᠠᠪᠰᠤᠷᠤᠨ ᠵᠢᠯᠣᠭᠤᠳᠬᠤ ᠲᠥᠪ ᠢ ᠪᠠᠶᠢᠭᠤᠯᠤᠨ᠎ᠠ᠃ ᠨᠡᠶᠢᠭᠡᠮ ᠤᠨ ᠰᠡᠳᠬᠢᠴᠡ ᠶᠢᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ | ᠴᠢᠳᠠᠪᠤᠷᠢᠲᠠᠨ ᠢ ᠬᠦᠮᠦᠵᠢᠭᠦᠯᠦᠨ᠎ᠡ᠃ 2022 ᠣᠨ ᠪᠠ 2030 ᠣᠨ ᠪᠣᠯᠬᠤ ᠳᠤ᠂ ᠰᠠᠭᠤᠭᠠᠯᠢ ᠠᠷᠠᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 20% ᠪᠠ 30% ᠬᠦᠷᠲᠡᠯ᠎ᠡ | ᠳᠡᠭᠡᠭᠰᠢᠯᠡᠭᠦᠯᠵᠦ᠂ ᠵᠣᠪᠠᠨᠢᠬᠤ ᠡᠪᠡᠳᠴᠢᠨ ᠢ ᠡᠮᠨᠡᠨ ᠵᠠᠰᠠᠬᠤ ᠨᠣᠷᠮ᠎ᠠ ᠶᠢ ᠣᠲᠣ ᠶᠢᠨ ᠰᠠᠭᠤᠷᠢᠨ ᠳᠡᠭᠡᠷ᠎ᠡ 30% | ᠪᠠ 80% ᠪᠠᠷ ᠳᠡᠭᠡᠭᠰᠢᠯᠡᠭᠦᠯᠵᠦ᠂ ᠰᠡᠳᠬᠢᠴᠡ ᠶᠢᠨ ᠬᠠᠮᠢᠶ᠎ᠠ ᠪᠥᠬᠦᠶ ᠡᠪᠡᠳᠴᠢᠨ ᠡᠮᠭᠡᠭ ᠤᠨ ᠡᠭᠦᠰᠬᠦ | ᠬᠠᠨᠳᠤᠰᠢ ᠶᠢ ᠤᠳᠠᠭᠠᠰᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠶᠡᠷᠦᠩᠬᠡᠶᠢᠯᠡᠨ ᠵᠠᠰᠠᠬᠤ ᠠᠯᠪᠠᠨ ᠭᠡᠷ᠂ ᠰᠤᠷᠭᠠᠨ ᠬᠥᠮᠦᠵᠢᠯ ᠤᠨ ᠲᠤᠪᠴᠢᠶ᠎ᠠ᠂ ᠡᠯ᠎ᠡ ᠰᠤᠮᠤ ᠰᠢᠶᠠᠩ | ᠪᠠᠯᠭᠠᠰᠤ︶ | ︵ᠵᠢᠷᠭᠤᠭ᠎ᠠ︶ ᠡᠷᠡᠭᠦᠯ ᠡᠩᠬᠡ ᠣᠷᠴᠢᠨ ᠲᠣᠭᠤᠷᠢᠨ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠣᠯᠠᠨ ᠨᠡᠶᠢᠲᠡ᠂ ᠬᠡᠷ ᠪᠦᠯᠢ᠂ ᠪᠠᠶᠢᠭᠤᠯᠭ᠎ᠠ ᠨᠢᠭᠡᠴᠡ ︵ᠠᠵᠤ ᠠᠬᠤᠶᠢᠯᠠᠯ︶ ᠳᠤ ᠣᠷᠴᠢᠨ ᠲᠣᠭᠤᠷᠢᠨ ᠬᠢᠭᠡᠳ | ᠡᠷᠡᠭᠦᠯ ᠮᠡᠨᠳᠦ ᠳᠤ ᠬᠤᠯᠪᠣᠭᠳᠠᠬᠤ ᠰᠡᠷᠭᠡᠶᠢᠯᠡᠨ ᠬᠠᠮᠠᠭᠠᠯᠠᠬᠤ ᠪᠠ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠦᠨ᠎ᠡ᠃ | ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ | ᠠᠬᠢᠭᠤᠯᠤᠨ᠎ᠠ᠃ ᠡᠷᠡᠭᠦᠯ ᠡᠩᠭᠡ ᠬᠤᠳᠠ᠂ ᠡᠷᠡᠭᠦᠯ ᠡᠩᠭᠡ ᠲᠣᠰᠬᠤᠨ ᠪᠠᠯᠭᠠᠰᠤ ᠶᠢᠨ ᠪᠦᠳᠦᠭᠡᠠ ᠪᠠᠶᠢᠭᠤᠯᠤᠯᠲᠠ ᠶᠢ | ᠠᠬᠢᠭᠤᠯᠤᠨ᠎ᠠ᠃ ᠣᠷᠴᠢᠨ ᠲᠣᠭᠤᠷᠢᠨ ᠬᠢᠭᠡᠳ ᠡᠷᠡᠭᠦᠯ ᠮᠡᠨᠳᠤ ᠶᠢ ᠪᠠᠶᠢᠴᠠᠭᠠᠬᠤ᠂ ᠬᠢᠨᠠᠨ ᠬᠡᠮᠵᠢᠬᠦ ᠪᠠ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠢ ᠪᠠᠶᠢᠭᠤᠯᠤᠨ᠎ᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠣᠷᠴᠢᠨ ᠠᠬᠤᠶ ᠶᠢᠨ ᠪᠣᠬᠢᠷᠲᠤᠯ ᠲᠠᠢ ᠬᠤᠯᠪᠣᠭᠳᠠᠬᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠨ᠎ᠠ᠃ ᠵᠠᠮ | ᠬᠠᠷᠢᠯᠴᠠᠭᠠᠨ ᠤ ᠠᠮᠤᠷ ᠲᠦᠪᠰᠢᠨ ᠤ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠵᠠᠰᠠᠬᠤ ᠠᠵᠢᠯ ᠢ ᠴᠢᠩᠭᠠᠳᠬᠠᠵᠤ᠂ | ᠵᠠᠮ ᠬᠠᠷᠢᠯᠴᠠᠭᠠᠨ ᠤ ᠭᠡᠮᠲᠦᠯ ᠰᠢᠷᠬᠠᠲᠤᠯ ᠤᠨ ᠬᠡᠷᠡᠭ ᠢ ᠪᠠᠭᠠᠰᠬᠠᠨ᠎ᠠ᠃ ᠵᠠᠰᠠᠯ ᠴᠢᠮᠡᠭᠯᠡᠯ ᠤᠨ ᠮᠠᠲ᠋ᠧᠷᠢᠶᠠᠯ᠂ ᠡᠳᠦᠷ | ᠲᠤᠲᠤᠮ ᠤᠨ ᠬᠡᠷᠡᠭᠯᠡᠭᠡᠨ ᠤ ᠬᠢᠮᠢ ᠶᠢᠨ ᠪᠣᠳᠠᠰ᠂ ᠬᠡᠤᠬᠡᠳ ᠤᠨ ᠲᠣᠭᠯᠠᠭᠠᠮ ᠤᠨ ᠵᠦᠢᠯ ᠪᠠ ᠬᠡᠷᠡᠭᠯᠡᠭᠡᠨ ᠤ ᠵᠦᠢᠯ | ᠵᠡᠷᠭᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠶᠢ ᠴᠢᠩᠭᠠᠳᠬᠠᠨ᠎ᠠ᠃ 2022 ᠣᠨ ᠪᠠ 2030 | ᠣᠨ ᠪᠣᠯᠬᠤ ᠳᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠬᠡᠮᠵᠢᠶ᠎ᠡ ᠶᠢ ᠲᠣᠰ ᠲᠣᠰ 15% ᠠᠴᠠ ᠳᠡᠭᠡᠭᠰᠢ ᠪᠠ 25% ᠠᠴᠠ ᠳᠡᠭᠡᠭᠰᠢ ᠳᠤ | ᠬᠦᠷᠦᠭᠦᠯᠵᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ | ᠢᠯᠡᠳᠲᠡ ᠰᠠᠶᠢᠵᠢᠷᠠᠭᠤᠯᠬᠤ ᠶᠢᠨ ᠬᠠᠮᠲᠤ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠶᠡᠬᠡᠪᠡᠷ ᠠᠬᠢᠭᠤᠯᠵᠤ᠂ | ᠭᠤᠤᠯᠳᠠᠯᠭ᠎ᠠ ᠲᠠᠢ ᠬᠤᠲᠠ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ | ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ︶ | ︵ᠳᠣᠯᠤᠭ᠎ᠠ︶ ᠡᠬᠡ ᠨᠢᠯᠬᠠᠰ ᠤᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠤᠷᠤᠭᠯᠠᠬᠤ ᠠᠴᠠ ᠡᠮᠦᠨ᠎ᠡ᠂ ᠵᠢᠷᠮᠦᠰᠦᠯᠡᠬᠦ ᠠᠴᠠ ᠡᠮᠦᠨ᠎ᠡ᠂ ᠵᠢᠷᠮᠦᠰᠦᠨ ᠬᠤᠭᠤᠴᠠᠭ᠎ᠠ᠂ ᠬᠡᠤᠬᠡᠳ ᠵᠡᠷᠭᠡ ᠱᠠᠲᠤ | ᠦᠶ᠎ᠡ ᠶᠢᠨ ᠣᠨᠴᠠᠯᠢᠭ ᠲᠤ ᠴᠢᠭᠯᠡᠭᠦᠯᠦᠨ᠂ ᠬᠡᠷ ᠪᠦᠯᠢ ᠶᠢᠨ ᠡᠷᠡᠭᠦᠯ ᠴᠢᠭᠢᠷᠠᠭ ᠰᠢᠨ᠎ᠡ ᠠᠮᠢ ᠨᠠᠰᠤ ᠶᠢ ᠰᠢᠨᠵᠢᠯᠡᠬᠦ | ᠤᠬᠠᠭᠠᠨᠴᠢ ᠪᠠᠷ ᠪᠤᠶᠢᠵᠢᠭᠤᠯᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠵᠡᠷᠡᠮᠳᠡᠭ ᠲᠦᠷᠦᠭᠦ ᠶᠢ | ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠦᠷᠢᠨᠰᠢᠬᠦᠯᠦᠨ᠎ᠡ᠃ ᠬᠡᠦᠬᠡᠳ ᠤᠨ ᠠᠩᠬᠠᠨ ᠤ ᠬᠤᠭᠤᠴᠠᠭᠠᠨ ᠤ | ᠬᠥᠭᠵᠢᠯᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ | ᠪᠠ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠦᠷᠡᠵᠢᠯ ᠤᠨ | ᠡᠷᠡᠭᠦᠯ ᠮᠡᠨᠳᠦ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠨ᠂ ᠮᠠᠯᠵᠢᠬᠤ | ᠲᠠᠷᠢᠶᠠᠯᠠᠬᠤ ᠣᠷᠣᠨ ᠤ ᠡᠮᠡᠭᠲᠡᠶᠢᠴᠦᠳ ᠤᠨ ᠰᠠᠪᠠᠨ ᠤ ᠬᠦᠵᠦᠭᠦᠦ ᠶᠢᠨ ᠥᠮᠡᠨ ᠪᠠ ᠬᠥᠬᠦᠨ ᠪᠤᠯᠴᠢᠷᠬᠠᠶ ᠶᠢᠨ | ᠥᠮᠡᠨ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠵᠦ᠂ ᠠᠶᠢᠽ ᠡᠪᠡᠳᠴᠢᠨ᠂ ᠲᠡᠮᠪᠦᠤ ᠪᠠ ᠡᠯᠢᠭᠡᠨ ᠤ B ᠦᠷᠪᠢᠰᠦᠯ ᠤᠨ ᠡᠬᠡ ᠨᠢᠯᠬᠠᠰ ᠤᠨ | ᠬᠠᠯᠳᠠᠪᠤᠷᠢᠯᠠᠬᠤ ᠶᠢ ᠰᠡᠷᠭᠡᠶᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠶᠢᠽ ᠡᠪᠡᠳᠴᠢᠨ ᠤ ᠡᠬᠡ | ᠨᠢᠯᠬᠠᠰ ᠤᠨ ᠬᠠᠯᠳᠠᠪᠤᠷᠢᠯᠠᠬᠤ ᠶᠢ ᠠᠷᠢᠯᠭᠠᠬᠤ ᠶᠢ ᠲᠦᠷᠭᠡᠬᠡᠨ ᠪᠡᠶᠡᠯᠡᠭᠦᠯᠦᠨ᠎ᠡ᠃ ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠪᠠ | ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠂ ᠶᠠᠳᠠᠭᠤ | ᠬᠦᠴᠢᠷᠳᠡᠯᠲᠡᠶ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠡᠬᠡ ᠨᠢᠯᠬᠠᠰ ᠤᠨ | ᠡᠷᠡᠭᠦᠯ ᠮᠡᠨᠳᠦ ᠶᠢ ᠬᠠᠮᠠᠭᠠᠯᠠᠬᠤ ᠪᠠᠷᠢᠮᠵᠢᠶᠠᠵᠢᠭᠰᠠᠨ ᠪᠠᠶᠢᠭᠤᠯᠤᠮᠵᠢ 1 ᠶᠢ ᠪᠠᠶᠢᠭᠤᠯᠤᠨ᠎ᠠ᠃ 2022 ᠣᠨ ᠪᠠ | 2030 ᠣᠨ ᠪᠣᠯᠬᠤ ᠳᠤ᠂ ᠨᠢᠯᠬ᠎ᠠ ᠬᠡᠦᠬᠡᠳ ᠤᠨ ᠦᠬᠦᠯᠲᠡ ᠶᠢᠨ ᠨᠣᠷᠮ᠎ᠠ ᠶᠢ ᠲᠤᠰ ᠲᠤᠰ 7.5‰ ᠠᠴᠠ | ᠳᠣᠷᠣᠭᠰᠢ ᠪᠠ 5‰ ᠠᠴᠠ ᠳᠣᠷᠣᠭᠰᠢ ᠬᠢᠵᠠᠭᠠᠷᠯᠠᠵᠤ᠂ ᠵᠢᠷᠮᠦᠰᠦᠨ ᠪᠠ ᠬᠥᠩᠭᠡᠵᠢᠭᠰᠡᠨ ᠡᠮᠡᠭᠲᠡᠶ ᠶᠢᠨ ᠦᠬᠦᠯ ᠤᠨ | ᠨᠣᠷᠮ᠎ᠠ ᠶᠢ ᠲᠣᠰ ᠲᠣᠰ 18/10 ᠲᠦᠮᠡ ᠠᠴᠠ ᠳᠣᠷᠣᠭᠰᠢ ᠪᠠ 12/10 ᠲᠦᠮᠡ ᠠᠴᠠ ᠳᠣᠷᠣᠭᠰᠢ ᠪᠣᠯᠲᠠᠯ᠎ᠠ | ᠪᠠᠭᠤᠷᠠᠭᠤᠯᠵᠤ᠂ 5 ᠨᠠᠰᠤᠨ ᠠᠴᠠ ᠳᠣᠷᠣᠭᠰᠢᠬᠢ ᠬᠡᠤᠬᠡᠳ ᠤᠨ ᠦᠬᠦᠯ ᠤᠨ ᠨᠣᠷᠮ᠎ᠠ ᠶᠢ ᠲᠣᠰ ᠲᠣᠰ 9. | 5‰ ᠠᠴᠠ ᠳᠣᠷᠣᠭᠰᠢ ᠪᠠ 6‰ ᠠᠴᠠ ᠳᠣᠷᠣᠭᠰᠢ ᠬᠢᠵᠠᠭᠠᠷᠯᠠᠵᠤ᠂ ᠬᠥᠩᠭᠡᠵᠢᠬᠦ ᠠᠴᠠ ᠡᠮᠦᠨᠡᠬᠢ ᠰᠢᠭᠰᠢᠨ | ᠪᠠᠶᠢᠴᠠᠭᠠᠬᠤ ᠨᠣᠷᠮ᠎ᠠ ᠶᠢ ᠲᠣᠰ ᠲᠣᠰ 70% ᠠᠴᠠ ᠳᠡᠭᠡᠭᠰᠢ ᠪᠠ 80% ᠠᠴᠠ ᠳᠡᠭᠡᠭᠰᠢ ᠳᠤ ᠬᠦᠷᠦᠭᠦᠯᠵᠦ᠂ | ᠨᠢᠷᠠᠶ ᠬᠡᠤᠬᠡᠳ ᠤᠨ ᠤᠳᠤᠮᠯᠠᠯ ᠤᠨ ᠰᠣᠯᠢᠯᠴᠠᠭ᠎ᠠ ᠶᠢᠨ ᠴᠢᠨᠠᠷᠲᠠᠶ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ | ᠨᠣᠷᠮ᠎ᠠ ᠶᠢ ᠴᠥᠮ 98% ᠠᠴᠠ ᠳᠡᠭᠡᠭᠰᠢ ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠣᠬᠢᠬᠤ | ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠪᠦᠷᠬᠦᠴᠡ ᠶᠢ ᠲᠣᠰ ᠲᠣᠰ | 80% ᠠᠴᠠ ᠳᠡᠭᠡᠭᠰᠢ ᠪᠠ 90% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠨᠠᠢᠮᠠ︶ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ ᠭᠡᠷ ᠪᠦᠯᠢ᠂ ᠰᠤᠷᠭᠠᠭᠤᠯᠢ ᠪᠠ ᠨᠡᠶᠢᠭᠡᠮ ᠢ ᠲᠠᠶᠢᠴᠢᠯᠠᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠪᠡᠶ᠎ᠡ ᠰᠡᠳᠬᠢᠴᠠ ᠶᠢᠨ ᠡᠷᠡᠭᠦᠯ ᠮᠡᠨᠳᠤ ᠶᠢ ᠬᠠᠮᠲᠤ ᠪᠠᠷ ᠬᠠᠮᠠᠭᠠᠯᠠᠨ᠎ᠠ᠃ ᠰᠤᠷᠤᠭᠴᠢᠳ ᠢ | ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠡᠷᠡᠭᠦᠯ | ᠴᠢᠭᠢᠷᠠᠭ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠤᠢᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠡᠪᠡᠳᠴᠢᠨ | ᠡᠮᠭᠡᠭ ᠢ ᠤᠷᠢᠳᠴᠢᠯᠠᠨ ᠰᠡᠷᠭᠡᠶᠢᠯᠡᠨ᠎ᠡ᠃ ᠳᠤᠮᠳᠠᠳᠤ ᠪᠠᠭ᠎ᠠ ᠰᠤᠷᠭᠠᠭᠤᠯᠢ ᠨᠤᠭᠤᠳ ᠲᠣᠭᠲᠠᠭᠠᠯ ᠶᠣᠰᠣᠭᠠᠷ | ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠢ ᠪᠦᠷᠢᠨ ᠭᠦᠢᠴᠡᠳ ᠨᠡᠭᠡᠭᠡᠬᠦ ᠬᠡᠷᠡᠭᠲᠡᠶ᠃ | ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠦᠷᠢᠮ ᠪᠠ ᠰᠤᠷᠤᠭᠴᠢᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠠᠵᠢᠯ ᠪᠠ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠣᠷᠣᠨ ᠨᠤᠲᠤᠭ ᠤᠨ | ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢᠨ | ᠬᠢᠨᠠᠨ ᠰᠢᠯᠭᠠᠵᠤ ᠦᠨᠡᠯᠡᠬᠦ ᠰᠣᠷᠣᠭᠴᠢ ᠶᠢᠨ ᠨᠠᠰᠤᠨ ᠤ ᠣᠨᠴᠠᠯᠢᠭ ᠲᠠᠢ ᠤᠶᠠᠯᠳᠤᠭᠤᠯᠤᠨ᠂ ᠣᠯᠠᠨ ᠵᠦᠢᠯ ᠤᠨ | ᠠᠷᠭ᠎ᠠ ᠮᠠᠶ᠋ᠢᠭ ᠢ ᠠᠪᠴᠤ ᠪᠠᠶᠢᠭᠠᠳ ᠰᠣᠷᠣᠭᠴᠢ ᠶᠢᠨ ᠡᠷᠡᠭᠦᠯ ᠮᠡᠨᠳᠦ ᠶᠢᠨ ᠮᠡᠳᠡᠯᠭᠡ ᠳᠤ ᠰᠢᠯᠭᠠᠯᠲᠠ ᠬᠢᠵᠦ᠂ | ᠪᠡᠶ᠎ᠡ ᠶᠢᠨ ᠲᠠᠮᠢᠷ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠣᠲᠣ ᠶᠢᠨ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠠᠵᠢᠯᠲᠠᠨ ᠪᠠ ᠲᠥᠬᠦᠭᠡᠷᠦᠮᠵᠢ ᠶᠢᠨ | ᠲᠣᠬᠢᠷᠠᠭᠤᠯᠤᠯᠲᠠ ᠶᠢ ᠴᠢᠩᠭᠠᠷᠠᠭᠤᠯᠤᠨ᠎ᠠ᠃ 2022 ᠣᠨ ᠪᠠ 2030 ᠣᠨ ᠪᠣᠯᠬᠤ ᠳᠤ᠂ ᠰᠤᠷᠤᠭᠴᠢᠳ ᠤᠨ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢᠨ ᠰᠢᠯᠢᠳᠡᠭ ᠨᠣᠷᠮ᠎ᠠ ᠶᠢ ᠲᠣᠰ ᠲᠣᠰ 50% ᠠᠴᠠ | ᠳᠡᠭᠡᠭᠰᠢ ᠪᠠ 60% ᠠᠴᠠ ᠳᠡᠭᠡᠭᠰᠢ ᠳᠤ ᠬᠦᠷᠦᠭᠦᠯᠵᠦ᠂ ᠬᠡᠤᠬᠡᠳ ᠪᠠᠭᠠᠴᠤᠳ ᠤᠨ ᠶᠡᠷᠦᠩᠬᠡᠶ ᠣᠶᠢᠷ᠎ᠠ | ᠬᠠᠷᠠᠭ᠎ᠠ ᠶᠢᠨ ᠨᠣᠷᠮ᠎ᠠ ᠶᠢ ᠵᠢᠯ ᠪᠦᠷᠢ 0.5 ᠵᠠᠭᠤᠨ ᠤ ᠨᠢᠭᠡᠴᠢ ᠠᠴᠠ ᠳᠡᠭᠡᠭᠰᠢ ᠪᠠᠭᠤᠷᠠᠭᠤᠯᠬᠤ ᠪᠠᠷ ᠴᠢᠷᠮᠠᠶᠢᠵᠤ᠂ | ᠰᠢᠨ᠎ᠡ ᠪᠠᠷ ᠡᠭᠦᠰᠬᠦ ᠣᠶᠢᠷ᠎ᠠ ᠬᠠᠷᠠᠭ᠎ᠠ ᠶᠢᠨ ᠨᠣᠷᠮ᠎ᠠ ᠶᠢ ᠢᠯᠡᠳᠲᠡ ᠪᠠᠭᠤᠷᠠᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ︶ | ︵ᠶᠢᠰᠦ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠣᠷᠣᠨ ᠪᠦᠰᠡ ᠶᠢ ᠬᠠᠮᠤᠷᠬᠤ᠂ ᠵᠦᠢ ᠵᠣᠬᠢᠰᠲᠠᠶ ᠲᠣᠬᠢᠷᠠᠭᠤᠯᠬᠤ ᠵᠠᠷᠴᠢᠮ ᠶᠣᠰᠣᠭᠠᠷ | ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠪᠠᠶᠢᠷᠢᠰᠢᠯ ᠨᠢ ᠵᠦᠢ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ ᠪᠠᠶᠢᠬᠤ ᠬᠡᠷᠡᠭᠲᠡᠶ᠃ ᠵᠠᠷᠴᠢᠮ ᠳᠡᠭᠡᠷ᠎ᠡ ᠪᠠᠨ | ᠨᠠᠭᠠᠳᠤ ᠵᠠᠬ᠎ᠠ ᠳᠠᠭᠠᠨ 1 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠡᠭᠦᠷᠭᠡᠯᠡᠬᠦ ᠬᠡᠷᠡᠭᠲᠡᠶ | ᠃ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠬᠥᠮᠦᠨ ᠬᠡᠷᠡᠭᠯᠡᠬᠦ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠵᠠᠰᠠᠭ ᠤᠨ | ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠨᠥᠯᠥᠭᠡᠨ ᠤ | ᠡᠪᠡᠳᠴᠢᠨ ᠤ ᠬᠤᠣᠷ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠬᠡᠷᠡᠭᠲᠡᠶ᠃ ᠬᠥᠮᠦᠨ ᠬᠡᠷᠡᠭᠯᠡᠬᠦ ᠨᠢᠭᠡᠴᠡ ᠶᠢᠨ | ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠶ᠃ | ᠬᠥᠳᠡᠯᠮᠦᠷᠢ ᠶᠢᠨ ᠴᠠᠭ ᠤᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠠᠭᠤᠰᠬᠢ | ᠲᠣᠭᠤᠰᠣᠲᠤ ᠡᠪᠡᠳᠴᠢᠨ ᠵᠡᠷᠭᠡ ᠠᠵᠢᠯ ᠤᠨ ᠨᠥᠯᠥᠭᠡᠨ ᠤ ᠡᠪᠡᠳᠴᠢᠨ ᠢ ᠠᠪᠤᠷᠠᠨ ᠵᠠᠰᠠᠬᠤ ᠪᠠᠲᠤᠯᠠᠭ᠎ᠠ ᠶᠢ | ᠴᠢᠩᠭᠠᠳᠬᠠᠨ᠎ᠠ᠃ 2022 ᠣᠨ ᠪᠠ 2030 ᠣᠨ ᠪᠣᠯᠬᠤ ᠳᠤ᠂ ᠲᠣᠭᠤᠰᠣ ᠲᠠᠢ ᠤᠷᠴᠢᠨ ᠳᠤ ᠠᠵᠢᠯᠯᠠᠭᠰᠠᠨ | ᠣᠨ ᠵᠢᠯ ᠨᠢ 5 ᠵᠢᠯ ᠬᠥᠷᠬᠦ ᠥᠬᠡᠶ ᠬᠥᠳᠡᠯᠮᠦᠷᠢᠴᠢᠳ ᠤᠨ ᠰᠢᠨ᠎ᠡ ᠪᠠᠷ ᠡᠭᠦᠰᠦᠭᠰᠡᠨ ᠠᠭᠤᠰᠬᠢ ᠲᠣᠭᠤᠰᠣᠲᠤ | ᠡᠪᠡᠳᠴᠢᠨ ᠤ ᠮᠡᠳᠡᠭᠦᠯᠦᠯᠲᠡ ᠶᠢᠨ ᠵᠢᠱᠢᠶ᠎ᠡ ᠶᠢᠨ ᠲᠤᠭ᠎ᠠ ᠶᠢᠨ ᠣᠨ ᠤ ᠮᠡᠳᠡᠭᠦᠯᠦᠯᠲᠡ ᠶᠢᠨ ᠶᠡᠷᠦᠩᠬᠡᠶ ᠵᠢᠱᠢᠶ᠎ᠡ ᠶᠢᠨ | ᠲᠤᠭ᠎ᠠ ᠳᠠᠬᠢ ᠡᠵᠡᠯᠡᠬᠦ ᠬᠠᠷᠢᠴᠠᠯ ᠢ ᠢᠯᠡᠳᠲᠡ ᠪᠠᠭᠤᠷᠠᠭᠤᠯᠬᠤ ᠶᠢᠨ ᠬᠠᠮᠲᠤ ᠦᠷᠭᠦᠯᠵᠢᠯᠡᠨ ᠪᠠᠭᠤᠷᠠᠭᠤᠯᠵᠤ᠂ ᠣᠷᠣᠨ | ᠪᠦᠰᠡ ᠶᠢᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠪᠠ ᠠᠵᠢᠯ ᠤᠨ ᠨᠥᠯᠥᠭᠡᠨ ᠤ | ᠡᠪᠡᠳᠴᠢᠨ ᠤ ᠣᠨᠣᠰᠢᠯᠠᠯᠲᠠ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠲᠣᠰ ᠲᠣᠰ 80% ᠠᠴᠠ | ᠳᠡᠭᠡᠭᠰᠢ ᠪᠠ 90% ᠠᠴᠠ ᠳᠡᠭᠡᠭᠰᠢ ᠳᠤ ᠬᠦᠷᠦᠭᠦᠯᠦᠨ᠎ᠡ᠃ | ︵ᠠᠷᠪᠠ︶ ᠨᠠᠰᠤᠲᠠᠶᠢᠴᠤᠳ ᠤᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠨᠠᠰᠤᠲᠠᠶᠢᠴᠤᠳ ᠲᠤ ᠬᠠᠨᠳᠤᠭᠤᠯᠤᠨ ᠢᠳᠡᠭᠡᠨ ᠤᠮᠳᠠᠭᠠᠨ ᠤ ᠰᠢᠮ᠎ᠡ ᠲᠡᠵᠢᠭᠡᠯ᠂ ᠪᠡᠶ᠎ᠡ ᠶᠢᠨ ᠲᠠᠮᠢᠷ ᠤᠨ ᠪᠣᠯᠪᠠᠰᠤᠷᠠᠯ | ᠂ ᠲᠣᠭᠲᠠᠭᠰᠠᠨ ᠬᠤᠭᠤᠴᠠᠭ᠎ᠠ ᠲᠠᠢ ᠪᠡᠶ᠎ᠡ ᠶᠢᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ᠂ | ᠰᠡᠳᠬᠢᠴᠡ ᠶᠢᠨ ᠡᠷᠡᠭᠦᠯ ᠮᠡᠨᠳᠦ ᠵᠢᠴᠢ ᠵᠣᠬᠢᠰᠲᠠᠢ ᠡᠮ ᠬᠡᠷᠡᠭᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠦᠨ᠎ᠡ᠃ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠂ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠷ ᠲᠡᠭᠡᠨ ᠰᠠᠭᠤᠬᠤ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠡᠮᠴᠢᠯᠡᠭᠡ ᠡᠷᠡᠭᠦᠯ ᠬᠠᠮᠠᠭᠠᠯᠠᠯ | ᠬᠢᠭᠡᠳ ᠨᠠᠰᠤᠵᠢᠯ ᠤᠨ ᠦᠢᠯᠡᠴᠢᠯᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠣᠩᠭᠤᠯ ᠬᠢᠲᠠᠳ ᠡᠮ | ᠡᠮᠨᠡᠯᠭᠡ ᠶᠢᠨ ᠣᠨᠴᠠᠯᠢᠠᠠᠳᠣ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠢ ᠠᠬᠢᠭᠤᠯᠤᠨ | ᠬᠥᠭᠵᠢᠭᠦᠯᠵᠦ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠰᠦᠪᠡᠭᠴᠢᠯᠡᠨ᠂ | ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ ᠡᠷᠡᠭᠦᠯ | ᠮᠡᠨᠳᠦ ᠨᠠᠰᠤᠵᠢᠯᠲᠠ ᠶᠢ ᠪᠡᠶᠡᠯᠡᠭᠦᠯᠦᠨ᠎ᠡ᠃ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠤᠷᠢᠳᠴᠢᠯᠠᠨ | ᠰᠡᠷᠭᠡᠶᠢᠯᠡᠬᠦ ᠪᠠ ᠬᠠᠮᠢᠶᠠᠷᠬᠤ ᠲᠥᠯᠥᠪᠯᠡᠭᠡ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ᠂ ᠭᠠᠨᠢ ᠨᠠᠰᠤᠳᠠᠨ ᠤ ᠭᠡᠷ | ᠪᠦᠯᠢ᠂ ᠴᠢᠳᠠᠪᠤᠷᠢ ᠪᠠᠨ ᠠᠯᠳᠠᠭᠰᠠᠨ᠂ ᠣᠶᠤᠨ ᠤᠬᠠᠭᠠᠨ ᠢᠶᠠᠨ ᠠᠯᠳᠠᠭᠰᠠᠨ᠂ ᠲᠥᠯᠥᠪᠯᠡᠭᠡᠲᠦ ᠦᠷᠡᠵᠢᠯ ᠤᠨ | ᠣᠨᠴᠠᠭᠠᠶ ᠬᠡᠷ ᠪᠦᠯᠢ ᠪᠠ ᠥᠨᠳᠥᠷ ᠨᠠᠰᠤᠲᠠᠶ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠡᠳᠦᠷ ᠲᠤᠲᠤᠮ ᠤᠨ | ᠬᠠᠯᠠᠮᠵᠢᠯᠠᠯ ᠪᠠ ᠰᠡᠳᠬᠢᠴᠡ ᠶᠢᠨ ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ 2022 ᠣᠨ ᠪᠠ 2030 ᠣᠨ | ᠪᠣᠯᠬᠤ ᠳᠤ᠂ 65 — 74 ᠨᠠᠰᠤᠨ ᠤ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠬᠤ ᠨᠣᠷᠮ᠎ᠠ ᠶᠢ ᠵᠣᠬᠢᠬᠤ | ᠬᠡᠮᠵᠢᠶ᠎ᠡ ᠪᠠᠷ ᠪᠠᠭᠤᠷᠠᠭᠤᠯᠵᠤ᠂ 65 ᠨᠠᠰᠤᠨ ᠠᠴᠠ ᠳᠡᠭᠡᠭᠰᠢᠬᠢ ᠬᠥᠮᠦᠰ ᠤᠨ ᠥᠲᠡᠭᠦᠰ ᠤᠨ ᠬᠤᠭᠤᠴᠠᠭᠠᠨ ᠤ ᠮᠡᠨᠡᠭ | ᠡᠪᠡᠳᠴᠢᠨ ᠳᠤ ᠨᠡᠷᠪᠡᠭᠳᠡᠬᠦ ᠨᠣᠷᠮ᠎ᠠ ᠶᠢᠨ ᠨᠡᠮᠡᠭᠳᠡᠯ ᠤᠨ ᠬᠤᠷᠳᠤᠴᠠ ᠶᠢ ᠪᠠᠭᠤᠷᠠᠭᠤᠯᠵᠤ᠂ ᠬᠤᠶᠠᠳᠤᠭᠠᠷ ᠳᠡᠰ ᠠᠴᠠ | ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ | ᠰᠠᠯᠠᠭ᠎ᠠ ᠭᠠᠷᠭᠠᠬᠤ ᠬᠠᠷᠢᠴᠠᠯ ᠢ ᠲᠣᠰ ᠲᠣᠰ 50% ᠠᠴᠠ ᠳᠡᠭᠡᠭᠰᠢ ᠪᠠ 90% ᠠᠴᠠ ᠳᠡᠭᠡᠭᠰᠢ ᠳᠤ | ᠬᠦᠷᠦᠭᠦᠯᠦᠨ᠎ᠡ᠃ ︵ᠬᠠᠷᠢᠭᠤᠴᠠᠯᠭᠠᠳᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ | ᠶᠠᠪᠤᠳᠠᠯ ᠤᠨ ᠲᠣᠪᠴᠢᠶ᠎ᠠ︶ | ︵ᠠᠷᠪᠠᠨ ᠨᠢᠭᠡ︶ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢ ᠬᠡᠷᠡᠭᠵᠢᠭᠦᠯᠦᠨ᠎ᠡ᠃ ᠪᠥᠬᠦ ᠠᠷᠠᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ ᠶᠢ | ᠲᠦᠭᠡᠮᠡᠯᠵᠢᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠨ ᠳᠡᠭᠡᠨ ᠵᠠᠪᠠᠯ | ᠪᠦᠷᠢᠯᠳᠦᠭᠦᠯᠬᠦ ᠬᠡᠷᠡᠭᠲᠡᠶ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ | ᠠᠪᠤᠷᠬᠠᠤ ᠬᠠᠷᠢᠯᠴᠠᠨ ᠠᠪᠤᠷᠬᠠᠤ ᠮᠡᠳᠡᠯᠭᠡ ᠪᠠ ᠮᠡᠷᠭᠡᠵᠢᠯ ᠴᠢᠳᠠᠪᠤᠷᠢ ᠶᠢ ᠡᠵᠡᠮᠰᠢᠭᠦᠯᠦᠨ᠎ᠡ᠃ ᠤᠯᠠᠭᠠᠨ ᠵᠠᠭᠠᠯᠮᠠᠶᠢᠳᠠᠨ | ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠲᠦᠷᠭᠡᠨ ᠠᠪᠤᠷᠠᠬᠤ ᠲᠥᠪ ᠵᠡᠷᠭᠡ ᠡᠮᠴᠢᠯᠡᠭᠡᠨ | ᠤ ᠪᠠᠶᠢᠭᠤᠯᠤᠮᠵᠢ ᠨᠤᠭᠤᠳ ᠤᠨ ᠤᠯᠠᠨ ᠲᠦᠮᠡᠨᠴᠢ ᠴᠢᠨᠠᠷᠲᠠᠶ ᠪᠠᠴᠢᠮ ᠪᠠᠶᠢᠳᠠᠯ ᠢ ᠠᠷᠭᠠᠴᠠᠵᠤ ᠠᠪᠤᠷᠠᠬᠤ | ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠡ᠃ ᠠᠶᠤᠯ ᠶᠡᠬᠡᠲᠡᠶ ᠬᠥᠮᠦᠰ ᠪᠠ ᠡᠪᠡᠳᠴᠢᠲᠡᠨ ᠳᠤ | ᠠᠮᠢᠳᠤᠷᠠᠯ ᠤᠨ ᠠᠷᠭ᠎ᠠ ᠮᠠᠶ᠋ᠢᠭ ᠤᠨ ᠵᠢᠯᠣᠭᠤᠳᠣᠯᠭ᠎ᠠ ᠥᠷᠨᠢᠭᠦᠯᠦᠨ᠎ᠡ᠃ 35 ᠨᠠᠰᠤᠨ ᠠᠴᠠ ᠳᠡᠭᠡᠭᠰᠢᠬᠢ ᠬᠥᠮᠦᠰ ᠤᠨ | ᠠᠩᠬᠠᠨ ᠤ ᠣᠨᠣᠰᠢᠯᠠᠯᠲᠠ ᠶᠢᠨ ᠴᠢᠰᠤᠨ ᠳᠠᠷᠤᠯᠲᠠ ᠶᠢ ᠬᠡᠮᠵᠢᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠬᠡᠳᠦ ᠬᠦᠨᠳᠦ ᠲᠠᠷᠭᠤᠨ᠂ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ᠂ ᠴᠢᠰᠤᠨ ᠤ ᠥᠭᠡᠬᠦ ᠬᠡᠪ ᠤᠨ | ᠪᠤᠰᠤ ᠪᠠᠶᠢᠬᠤ ᠪᠠ ᠠᠶᠤᠯ ᠶᠡᠬᠡᠲᠡᠶ ᠬᠥᠮᠦᠰ ᠤᠨ ᠡᠪᠡᠳᠴᠢᠯᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ | ᠬᠠᠮᠢᠶᠠᠷᠬᠤ ᠵᠢᠯᠣᠭᠤᠳᠣᠯᠭ᠎ᠠ ᠶᠢ ᠥᠷᠨᠢᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢ ᠰᠠᠶᠢᠲᠤᠷ ᠬᠢᠨ᠎ᠠ᠃ ᠡᠮᠨᠡᠯᠭᠡ ᠶᠢᠨ | ᠬᠤᠷᠢᠶᠠᠨ ᠤ ᠡᠮᠦᠨᠡᠬᠢ ᠲᠦᠷᠭᠡᠨ ᠠᠪᠤᠷᠠᠯᠲᠠ᠂ ᠨᠠᠮᠵᠢᠭᠤᠨ ᠰᠤᠳᠠᠯ ᠤᠨ ᠪᠦᠯᠦᠩ ᠢ ᠬᠠᠶᠢᠯᠤᠭᠤᠯᠬᠤ᠂ ᠯᠤᠭᠰᠢᠭᠤᠨ | ᠰᠤᠳᠠᠯ ᠤᠨ ᠪᠦᠯᠦᠩ ᠢ ᠠᠪᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ 2022 ᠣᠨ ᠪᠠ 2030 ᠣᠨ ᠪᠣᠯᠬᠤ ᠳᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ | ᠡᠪᠡᠳᠴᠢᠨ ᠤ ᠦᠬᠦᠯᠲᠡ ᠶᠢᠨ ᠨᠣᠷᠮ᠎ᠠ ᠶᠢ ᠲᠣᠰ ᠲᠣᠰ 209.7/10 ᠲᠦᠮᠡ ᠠᠴᠠ ᠳᠣᠷᠣᠭᠰᠢ ᠪᠠ 190. | 7/10 ᠲᠦᠮᠡ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ 30 ᠨᠠᠰᠤᠨ ᠠᠴᠠ ᠳᠡᠭᠡᠭᠰᠢᠬᠢ ᠰᠠᠭᠤᠭᠠᠯᠢ | ᠠᠷᠠᠳ ᠤᠨ ᠴᠢᠰᠤᠨ ᠳᠠᠷᠤᠯᠲᠠ ᠥᠨᠳᠥᠷ ᠪᠠᠶᠢᠬᠤ ᠶᠢ ᠮᠡᠳᠡᠬᠦ ᠨᠣᠷᠮ᠎ᠠ ᠶᠢ ᠲᠣᠰ ᠲᠣᠰ 55% ᠪᠠ 65% ᠠᠴᠠ | ᠳᠣᠤᠷ᠎ᠠ ᠪᠠᠶᠢᠯᠭᠠᠬᠤ ᠥᠬᠡᠶ᠂ ᠴᠢᠰᠤᠨ ᠳᠠᠷᠤᠯᠲᠠ ᠥᠨᠳᠥᠷ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ | ᠨᠣᠷᠮ᠎ᠠ ᠶᠢ ᠲᠣᠰ ᠲᠣᠰ 60% ᠪᠠ 70% ᠠᠴᠠ ᠳᠣᠤᠷ᠎ᠠ ᠪᠠᠶᠢᠯᠭᠠᠬᠤ ᠥᠬᠡᠶ᠃ ︵ᠬᠠᠷᠢᠭᠤᠴᠠᠯᠭᠠᠲᠤ ᠨᠢᠭᠡᠴᠡ᠄ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶ | ︵ᠠᠷᠪᠠᠨ ᠬᠤᠶᠠᠷ︶ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠥᠮᠡᠨ ᠡᠪᠡᠳᠴᠢᠨ ᠢ ᠢᠳᠡᠪᠬᠢᠲᠡᠶ ᠪᠠᠷ ᠤᠷᠢᠳᠴᠢᠯᠠᠨ ᠰᠡᠷᠭᠡᠶᠢᠯᠡᠬᠦ ᠶᠢ ᠰᠠᠨᠠᠭᠠᠴᠢᠯᠠᠵᠤ᠂ ᠡᠷᠲᠡ ᠰᠢᠭᠰᠢᠨ | ᠪᠠᠶᠢᠴᠠᠭᠠᠬᠤ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠲᠦᠯᠬᠢᠨ ᠠᠬᠢᠭᠤᠯᠵᠤ᠂ ᠥᠮᠡᠨ ᠡᠪᠡᠳᠴᠢᠨ ᠤ | ᠡᠪᠡᠳᠴᠢᠯᠡᠬᠦ ᠨᠤᠷᠮ᠎ᠠ ᠪᠠ ᠦᠬᠦᠬᠦ ᠨᠤᠷᠮ᠎ᠠ ᠶᠢ ᠪᠠᠭᠤᠷᠠᠭᠤᠯᠵᠤ᠂ ᠡᠪᠡᠳᠴᠢᠲᠡᠨ ᠤ ᠣᠷᠣᠰᠢᠨ ᠠᠮᠢᠳᠤᠷᠠᠬᠤ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠥᠮᠡᠨ ᠡᠪᠡᠳᠴᠢᠨ ᠢ ᠰᠢᠭᠰᠢᠨ ᠪᠠᠶᠢᠴᠠᠭᠠᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ | ᠥᠷᠭᠡᠳᠬᠡᠨ᠎ᠡ᠃ ᠪᠠᠶᠢᠩᠭᠤ ᠲᠣᠬᠢᠶᠠᠯᠳᠤᠳᠠᠭ ᠥᠮᠡᠨ ᠡᠪᠡᠳᠴᠢᠨ ᠢ ᠣᠨᠣᠰᠢᠯᠠᠨ ᠡᠮᠨᠡᠬᠦ ᠵᠢᠷᠤᠮᠵᠢᠯ ᠢ ᠳᠡᠯᠭᠡᠷᠡᠭᠦᠯᠦᠨ | ᠬᠡᠷᠡᠭᠯᠡᠨ᠎ᠡ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠵᠢᠴᠢ ᠦᠨᠳᠦᠰᠦᠨ ᠱᠠᠲᠤᠨ ᠤ ᠥᠮᠡᠨ ᠡᠪᠡᠳᠴᠢᠨ ᠢ | ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠬᠦᠭᠰᠡᠨ ᠰᠢᠯᠲᠠᠭᠠᠨ ᠢ ᠬᠢᠨᠠᠨ ᠬᠡᠮᠵᠢᠬᠦ ᠪᠠ ᠬᠠᠪᠤᠳᠠᠷ ᠢ | ᠳᠠᠩᠰᠠᠯᠠᠨ ᠮᠡᠳᠡᠭᠦᠯᠬᠦ ᠲᠦᠷᠢᠮ ᠢ ᠪᠦᠷᠢᠨᠰᠢᠬᠦᠯᠵᠤ᠂ ᠦᠬᠦᠭᠰᠡᠨ ᠰᠢᠯᠲᠠᠭᠠᠨ ᠢ ᠬᠢᠨᠠᠨ ᠬᠡᠮᠵᠢᠬᠦ ᠪᠠ ᠬᠠᠪᠤᠳᠠᠷ ᠢ | ᠳᠠᠩᠰᠠᠯᠠᠬᠤ ᠠᠵᠢᠯ ᠢ ᠥᠷᠨᠢᠭᠦᠯᠵᠦ᠂ ᠬᠠᠪᠤᠳᠠᠷ ᠢ ᠳᠠᠩᠰᠠᠯᠠᠨ ᠲᠡᠮᠳᠡᠭᠯᠡᠭᠰᠡᠨ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ᠂ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠢᠴᠢ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠵᠡᠷᠭᠡ | ᠲᠦᠷᠢᠮ ᠤᠨ ᠬᠤᠭᠤᠷᠣᠨᠳᠣᠬᠢ ᠬᠠᠷᠢᠯᠴᠠᠨ ᠨᠥᠬᠦᠪᠥᠷᠢᠯᠡᠵᠦ ᠬᠤᠯᠪᠣᠭᠠᠯᠠᠨ ᠬᠥᠳᠡᠯᠦᠯᠴᠡᠬᠦ ᠪᠠ ᠪᠦᠲᠦᠮᠵᠢᠲᠡᠶ | ᠵᠣᠯᠭᠠᠭᠤᠯᠬᠤ ᠶᠢ ᠠᠬᠢᠭᠤᠯᠵᠤ᠂ ᠪᠠᠲᠤᠯᠠᠭ᠎ᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠥᠮᠡᠨ ᠡᠪᠡᠳᠴᠢᠲᠡᠨ ᠤ | ᠡᠪᠡᠳᠴᠢᠨ ᠦᠵᠡᠭᠦᠯᠬᠦ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ 2022 ᠣᠨ ᠪᠠ 2030 ᠣᠨ | ᠪᠣᠯᠬᠤ ᠳᠤ᠂ ᠥᠮᠡᠨ ᠤ ᠶᠡᠷᠦᠩᠬᠡᠶ ᠴᠣᠭᠴᠠ ᠶᠢᠨ 5 ᠵᠢᠯ ᠤᠨ ᠠᠮᠢᠳᠤᠷᠠᠬᠤ ᠨᠣᠷᠮ᠎ᠠ ᠶᠢ ᠲᠣᠰ ᠲᠣᠰ 43.3% | ᠪᠠ 46.6% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠥᠮᠡᠨ ᠢ ᠰᠡᠷᠭᠡᠶᠢᠯᠡᠨ ᠵᠠᠰᠠᠬᠤ ᠭᠤᠤᠯ ᠮᠡᠳᠡᠯᠭᠡ ᠶᠢ | ᠣᠶᠢᠯᠠᠭᠠᠬᠤ ᠨᠣᠷᠮ᠎ᠠ ᠶᠢ ᠲᠣᠰ ᠲᠣᠰ 70% ᠪᠠ 80% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠣᠯᠠᠨ | ᠡᠭᠦᠰᠳᠡᠭ ᠭᠠᠵᠠᠷ ᠣᠷᠣᠨ ᠤ ᠭᠤᠤᠯᠳᠠᠯᠭ᠎ᠠ ᠲᠠᠢ ᠥᠮᠡᠨ ᠤ ᠲᠥᠷᠥᠯ ᠤᠨ ᠡᠷᠲᠡ ᠣᠨᠣᠰᠢᠯᠠᠬᠤ ᠨᠣᠷᠮ᠎ᠠ ᠶᠢ | 55% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠦᠷᠭᠦᠯᠵᠢᠯᠡᠨ ᠳᠡᠭᠡᠭᠰᠢᠯᠡᠭᠦᠯᠵᠦ᠂ ᠥᠮᠡᠨ ᠤ ᠠᠶᠤᠯ ᠶᠡᠬᠡᠲᠡᠶ | ᠬᠥᠮᠦᠰ ᠤᠨ ᠲᠣᠭᠲᠠᠮᠠᠯ ᠬᠤᠭᠤᠴᠠᠭ᠎ᠠ ᠲᠠᠢ ᠪᠠᠷ ᠥᠮᠡᠨ ᠢ ᠰᠡᠷᠭᠡᠶᠢᠯᠡᠬᠦ ᠪᠡᠶ᠎ᠡ ᠶᠢᠨ ᠪᠠᠶᠢᠴᠠᠭᠠᠯᠲᠠ ᠳᠤ | ᠣᠷᠣᠯᠴᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︶ | ︵ᠠᠷᠪᠠᠨ ᠭᠤᠷᠪᠠ︶ ᠤᠳᠠᠭᠠᠨ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ | ᠵᠠᠰᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ | ᠡᠪᠡᠳᠴᠢᠨ ᠡᠮᠭᠡᠭ ᠢ ᠡᠷᠲᠡ ᠢᠯᠡᠷᠡᠭᠦᠯᠵᠦ᠂ ᠠᠶᠤᠯᠲᠠᠶ ᠬᠦᠴᠦᠨ ᠵᠦᠢᠯ ᠢ ᠬᠢᠵᠠᠭᠠᠷᠯᠠᠨ᠂ ᠡᠪᠡᠳᠴᠢᠨ ᠡᠮᠭᠡᠭ ᠤᠨ | ᠡᠭᠦᠰᠴᠦ ᠬᠥᠭᠵᠢᠬᠦ ᠶᠢ ᠤᠷᠢᠳᠴᠢᠯᠠᠨ ᠰᠡᠷᠭᠡᠶᠢᠯᠡᠨ᠎ᠡ᠃ ᠠᠶᠤᠯ ᠶᠡᠬᠡᠲᠡᠶ ᠬᠥᠮᠦᠰ ᠤᠨ ᠠᠭᠤᠰᠬᠢᠨ ᠤ ᠴᠢᠳᠠᠮᠵᠢ ᠶᠢ | ᠠᠩᠬ᠎ᠠ ᠣᠨᠣᠰᠢᠯᠠᠵᠤ ᠬᠡᠮᠵᠢᠬᠦ ᠶᠢ ᠬᠠᠶᠢᠨ ᠰᠦᠪᠡᠭᠴᠢᠯᠡᠵᠦ᠂ 40 ᠨᠠᠰᠤᠨ ᠠᠴᠠ ᠳᠡᠭᠡᠭᠰᠢᠬᠢ ᠬᠥᠮᠦᠰ ᠤᠨ | ᠠᠭᠤᠰᠬᠢᠨ ᠤ ᠴᠢᠳᠠᠮᠵᠢ ᠶᠢ ᠪᠡᠶ᠎ᠡ ᠶᠢᠨ ᠪᠠᠶᠢᠴᠠᠭᠠᠯᠲᠠ ᠪᠠᠷ ᠪᠠᠶᠢᠴᠠᠭᠠᠨ ᠰᠢᠯᠭᠠᠨ᠎ᠠ᠃ ᠤᠳᠠᠭᠠᠨ ᠰᠠᠭᠠᠳ ᠲᠠᠢ | ᠠᠭᠤᠰᠬᠢᠨ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠭᠤᠰᠬᠢᠨ ᠤ ᠴᠢᠳᠠᠮᠵᠢ ᠶᠢ ᠪᠠᠶᠢᠴᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ 2022 ᠣᠨ ᠪᠠ 2030 ᠣᠨ ᠪᠣᠯᠬᠤ ᠳᠤ᠂ 70 ᠨᠠᠰᠤᠨ ᠠᠴᠠ ᠳᠣᠷᠣᠭᠰᠢᠬᠢ | ᠬᠥᠮᠦᠰ ᠤᠨ ᠤᠳᠠᠭᠠᠨ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠥᠭᠦᠬᠦ ᠨᠣᠷᠮ᠎ᠠ ᠶᠢ ᠲᠣᠰ | ᠲᠣᠰ 9/10 ᠲᠦᠮᠡ ᠠᠴᠠ ᠳᠣᠷᠣᠭᠰᠢ ᠪᠠ 8.1/10 ᠲᠦᠮᠡ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ 40 | ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠠᠭᠤᠰᠬᠢ ᠶᠢ ᠮᠡᠳᠡᠬᠦ ᠨᠣᠷᠮ᠎ᠠ ᠶᠢ ᠲᠣᠰ | ᠲᠣᠰ 15% ᠠᠴᠠ ᠳᠡᠭᠡᠭᠰᠢ ᠪᠠ 30% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠠᠷᠪᠠᠨ ᠳᠥᠷᠪᠡ︶ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠢᠨ᠎ᠡ᠃ | ᠰᠠᠭᠤᠭᠠᠯᠢ ᠠᠷᠠᠳ ᠤᠨ ᠴᠢᠰᠤᠨ ᠰᠢᠬᠢᠷ ᠤᠨ ᠬᠡᠮᠵᠢᠶ᠎ᠡ ᠶᠢ ᠠᠩᠬᠠᠷᠴᠤ᠂ ᠰᠢᠬᠢᠷ ᠰᠢᠵᠢᠩ ᠡᠪᠡᠳᠴᠢᠨ ᠤ ᠡᠬᠢᠨ ᠤ | ᠬᠤᠭᠤᠴᠠᠭᠠᠨ ᠤ ᠬᠥᠮᠦᠰ ᠤᠨ ᠡᠪᠡᠳᠴᠢᠨ ᠡᠭᠦᠰᠬᠦ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠪᠠᠭᠠᠰᠬᠠᠬᠤ ᠶᠢ | ᠬᠥᠲᠥᠯᠥᠨ ᠵᠢᠯᠣᠭᠤᠳᠴᠤ᠂ ᠰᠢᠬᠢᠷ ᠰᠢᠵᠢᠩ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠴᠢᠩᠭᠠᠳᠬᠠᠵᠤ᠂ ᠰᠢᠬᠢᠷ ᠰᠢᠵᠢᠩ ᠡᠪᠡᠳᠴᠢᠨ ᠤ ᠡᠭᠦᠰᠴᠦ ᠬᠥᠭᠵᠢᠬᠦ ᠶᠢ ᠤᠳᠠᠭᠠᠰᠢᠷᠠᠭᠤᠯᠬᠤ ᠪᠤᠶᠤ ᠤᠷᠢᠳᠴᠢᠯᠠᠨ | ᠰᠡᠷᠭᠡᠶᠢᠯᠡᠨ᠎ᠡ᠃ ᠰᠢᠬᠢᠷ ᠰᠢᠵᠢᠩ ᠡᠪᠡᠳᠴᠢᠲᠡᠨ ᠪᠠ ᠠᠶᠤᠯ ᠶᠡᠬᠡᠲᠡᠶ ᠬᠥᠮᠦᠰ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠢᠬᠢᠷ ᠰᠢᠵᠢᠩ ᠡᠪᠡᠳᠴᠢᠨ ᠵᠢᠴᠢ ᠳᠠᠪᠬᠤᠴᠠᠭᠰᠠᠨ | ᠡᠪᠡᠳᠴᠢᠨ ᠢ ᠰᠢᠭᠰᠢᠨ ᠪᠠᠶᠢᠴᠠᠭᠠᠬᠤ ᠶᠢ ᠪᠠᠷᠢᠮᠵᠢᠶᠠᠵᠢᠭᠤᠯᠬᠤ ᠪᠠ ᠣᠨᠣᠰᠢᠯᠠᠨ ᠡᠮᠨᠡᠬᠦ ᠶᠢ ᠵᠢᠷᠤᠮᠵᠢᠭᠤᠯᠬᠤ ᠶᠢ | ᠠᠬᠢᠭᠤᠯᠤᠨ᠎ᠠ᠃ ᠣᠷᠣᠨ ᠪᠦᠰᠡ ᠶᠢᠨ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ | ᠲᠦᠰᠢᠭᠯᠡᠨ᠂ ︽ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠡᠷᠡᠭᠦᠯ ᠬᠠᠮᠠᠭᠠᠯᠠᠯ︾ ᠤᠨ ᠦᠢᠯᠡᠴᠢᠯᠡᠭᠡ ᠶᠢ | ᠠᠬᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ ᠰᠢᠬᠢᠷ ᠰᠢᠵᠢᠩ ᠡᠪᠡᠳᠴᠢᠨ ᠤ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠴᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2022 ᠣᠨ | ᠪᠠ 2030 ᠣᠨ ᠪᠣᠯᠬᠤ ᠳᠤ᠂ ᠰᠢᠬᠢᠷ ᠰᠢᠵᠢᠩ ᠡᠪᠡᠳᠴᠢᠲᠡᠨ ᠤ ᠵᠢᠷᠤᠮᠵᠢᠭᠰᠠᠨ ᠬᠠᠮᠢᠶᠠᠷᠤᠯᠲᠠ ᠶᠢᠨ ᠨᠣᠷᠮ᠎ᠠ ᠶᠢ | ᠲᠤᠰ ᠲᠤᠰ 60% ᠠᠴᠠ ᠳᠡᠭᠡᠭᠰᠢ ᠪᠠ 70% ᠠᠴᠠ ᠳᠡᠭᠡᠭᠰᠢ ᠳᠤ ᠬᠦᠷᠭᠡᠵᠦ᠂ 18 ᠨᠠᠰᠤᠨ ᠠᠴᠠ ᠳᠡᠭᠡᠭᠰᠢᠬᠢ | ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠢ ᠮᠡᠳᠡᠬᠦ ᠨᠣᠷᠮ᠎ᠠ ᠶᠢ ᠲᠤᠰ ᠲᠤᠰ 50% ᠠᠴᠠ ᠳᠡᠭᠡᠭᠰᠢ ᠪᠠ | 60% ᠠᠴᠠ ᠳᠡᠭᠡᠭᠰᠢ ᠳᠤ ᠬᠦᠷᠭᠡᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶ | ︵ᠠᠷᠪᠠᠨ ᠲᠠᠪᠤ︶ ᠬᠠᠯᠳᠠᠪᠤᠷᠢᠲᠤ ᠡᠪᠡᠳᠴᠢᠨ ᠵᠢᠴᠢ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠡᠪᠡᠳᠴᠢᠨ ᠢ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠡᠷᠬᠢᠮᠯᠡᠨ᠂ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ᠎ᠡ᠃ ᠸᠠᠺᠼᠢᠨ ᠤ ᠡᠪᠡᠳᠴᠢᠨ ᠡᠮᠭᠡᠭ ᠢ ᠰᠡᠷᠭᠡᠶᠢᠯᠡᠬᠦ ᠳᠤ ᠦᠵᠡᠭᠦᠯᠬᠦ | ᠴᠢᠬᠤᠯᠠ ᠦᠢᠯᠡᠳᠦᠯ ᠢ ᠭᠦᠢᠴᠡᠳ ᠲᠠᠨᠢᠵᠤ᠂ ᠬᠠᠯᠳᠠᠪᠤᠷᠢᠲᠤ ᠲᠠᠭᠰᠢᠭᠤᠷ ᠳᠡᠯᠭᠡᠷᠡᠬᠦ ᠤᠯᠠᠷᠢᠯ ᠠᠴᠠ ᠡᠮᠦᠨ᠎ᠡ ᠠᠶᠤᠯ | ᠶᠡᠬᠡᠲᠡᠶ ᠬᠥᠮᠦᠰ ᠲᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠨ᠎ᠠ᠃ ᠠᠶᠢᠽ | ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠰᠦᠷᠢᠶ᠎ᠡ ᠡᠪᠡᠳᠴᠢᠨ ᠵᠡᠷᠭᠡ ᠬᠦᠨᠳᠦ ᠶᠡᠭᠡ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠰᠢᠮᠡᠭᠦᠷ ᠬᠤᠷᠣᠬᠠᠶ ᠶᠢᠨ | ᠡᠪᠡᠳᠴᠢᠨ᠂ ᠤᠤᠭᠤᠬᠤ ᠤᠰᠤᠨ ᠤ ᠬᠡᠯᠪᠡᠷᠢ ᠶᠢᠨ ᠹᠯᠣᠷ ᠠᠷᠰᠧᠨ ᠳᠤ ᠬᠤᠤᠷᠳᠠᠭᠳᠠᠬᠤ᠂ ᠦᠶ᠎ᠡ ᠭᠡᠰᠢᠭᠦᠤ | ᠲᠣᠮᠣᠷᠠᠬᠤ ᠡᠪᠡᠳᠴᠢᠨ᠂ ᠹᠯᠣᠷᠲᠤ ᠶᠠᠰᠤᠨ ᠤ ᠡᠪᠡᠳᠴᠢᠨ ᠵᠡᠷᠭᠡ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ | ᠵᠠᠰᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ ᠠᠷᠢᠯᠭᠠᠨ᠎ᠠ | ᠃ 2022 ᠣᠨ ᠪᠠ 2030 ᠣᠨ ᠪᠣᠯᠬᠤ ᠳᠤ᠂ ᠠᠶᠢᠽ ᠡᠪᠡᠳᠴᠢᠨ ᠤ ᠪᠥᠬᠦ ᠬᠥᠮᠦᠰ ᠲᠤ ᠬᠠᠯᠳᠠᠪᠤᠷᠢᠯᠠᠬᠤ | ᠨᠣᠷᠮ᠎ᠠ ᠶᠢ ᠲᠣᠰ ᠲᠣᠰ 0.15% ᠠᠴᠠ ᠳᠣᠷᠣᠭᠰᠢ ᠪᠠ 0.2% ᠠᠴᠠ ᠳᠣᠷᠣᠭᠰᠢ ᠪᠠᠶᠢᠯᠭᠠᠵᠤ᠂ 5 | ᠨᠠᠰᠤᠨ ᠠᠴᠠ ᠳᠣᠷᠣᠭᠰᠢᠬᠢ ᠬᠡᠤᠬᠡᠳ ᠤᠨ ᠬᠥᠬᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠸᠢᠷᠦ᠋ᠰ ᠤᠨ | ᠥᠩᠭᠡᠨ ᠲᠠᠯ᠎ᠠ ᠶᠢᠨ ᠠᠨ᠋ᠲ᠋ᠢᠭᠧᠡ ᠤ ᠳᠡᠯᠭᠡᠷᠡᠬᠦ ᠨᠣᠷᠮ᠎ᠠ ᠶᠢ ᠲᠣᠰ ᠲᠣᠰ 1% ᠪᠠ 0.5% ᠠᠴᠠ ᠳᠣᠷᠣᠭᠰᠢ | ᠪᠠᠶᠢᠯᠭᠠᠵᠤ᠂ ᠠᠭᠤᠰᠬᠢᠨ ᠤ ᠰᠦᠷᠢᠶ᠎ᠡ ᠶᠢᠨ ᠡᠪᠡᠳᠴᠢᠯᠡᠬᠦ ᠨᠣᠷᠮ᠎ᠠ ᠶᠢ 55/10 ᠲᠦᠮᠡ ᠠᠴᠠ ᠳᠣᠷᠣᠭᠰᠢ ᠪᠣᠯᠲᠠᠯ᠎ᠠ | ᠪᠠᠭᠤᠷᠠᠭᠤᠯᠬᠤ ᠶᠢᠨ ᠬᠠᠮᠲᠤ ᠦᠷᠭᠦᠯᠵᠢᠯᠡᠨ ᠪᠠᠭᠤᠷᠠᠭᠤᠯᠵᠤ᠂ ᠪᠷᠦ᠋ᠼᠧᠯ ᠰᠠᠪᠬᠠᠨᠴᠢᠷ ᠪᠠᠺᠲ᠋ᠧᠷᠢ ᠶᠢᠨ ᠡᠪᠡᠳᠴᠢᠨ | ᠡᠭᠦᠰᠬᠦ ᠨᠣᠷᠮ᠎ᠠ ᠶᠢ ᠦᠷᠭᠦᠯᠵᠢᠯᠡᠨ ᠪᠠᠭᠤᠷᠠᠭᠤᠯᠤᠨ᠎ᠠ᠃ ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠵᠤ᠂ ᠰᠤᠷᠬᠤ | ᠨᠠᠰᠤᠨ ᠤ ᠬᠡᠤᠬᠡᠳ ᠤᠨ ᠳᠠᠷᠬᠠᠯᠠᠭ᠎ᠠ ᠶᠢᠨ ᠲᠥᠯᠥᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ | 90% ᠠᠴᠠ ᠳᠡᠭᠡᠭᠰᠢ ᠪᠠᠶᠢᠯᠭᠠᠵᠤ᠂ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠤ | ᠮᠡᠳᠡᠭᠦᠯᠦᠯᠲᠡ ᠶᠢᠨ ᠨᠣᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ 2022 ᠣᠨ ᠪᠣᠯᠬᠤ ᠳᠤ | ᠦᠶ᠎ᠡ ᠭᠡᠰᠢᠭᠦᠤ ᠲᠣᠮᠣᠷᠠᠬᠤ ᠡᠪᠡᠳᠴᠢᠨ ᠪᠠ ᠺᠧᠱᠠᠨ ᠡᠪᠡᠳᠴᠢᠨ ᠤ ᠬᠤᠤᠷ ᠬᠥᠨᠥᠭᠡᠯ ᠢ ᠦᠨᠳᠦᠰᠦᠨ ᠳᠡᠭᠡᠨ | ᠠᠷᠢᠯᠭᠠᠵᠤ᠂ ᠤᠤᠭᠤᠬᠤ ᠤᠰᠤᠨ ᠤ ᠬᠡᠯᠪᠡᠷᠢ ᠶᠢᠨ ᠹᠯᠣᠷ ᠠᠷᠰᠧᠨ ᠳᠤ ᠬᠤᠤᠷᠳᠠᠭᠳᠠᠬᠤ᠂ ᠴᠠᠶ ᠤᠤᠭᠤᠬᠤ | ᠬᠡᠯᠪᠡᠷᠢ ᠶᠢᠨ ᠭᠠᠵᠠᠷ ᠤᠨ ᠹᠯᠣᠷ ᠡᠪᠡᠳᠴᠢᠨ ᠪᠠ ᠤᠰᠤᠨ ᠤ ᠰᠤᠷᠪᠤᠯᠵᠢ ᠶᠢᠨ ᠴᠢᠨᠠᠷᠲᠠᠶ ᠥᠨᠳᠥᠷ ᠢᠣᠳ᠋ ᠤᠨ ᠬᠤᠤᠷ | ᠬᠥᠨᠥᠭᠡᠯ ᠢ ᠪᠦᠲᠦᠮᠵᠢᠲᠡᠶ ᠬᠢᠵᠠᠭᠠᠷᠯᠠᠨ᠎ᠠ᠃ 2030 ᠣᠨ ᠪᠣᠯᠬᠤ ᠳᠤ ᠭᠤᠤᠯᠳᠠᠯᠭ᠎ᠠ ᠲᠠᠢ ᠣᠷᠣᠨ ᠨᠤᠲᠤᠭ ᠤᠨ | ᠡᠪᠡᠳᠴᠢᠨ ᠢ ᠬᠢᠵᠠᠭᠠᠷᠯᠠᠨ ᠠᠷᠢᠯᠭᠠᠵᠤ᠂ ᠣᠷᠣᠨ ᠨᠤᠲᠤᠭ ᠤᠨ ᠡᠪᠡᠳᠴᠢᠨ ᠢ ᠰᠠᠭᠤᠭᠠᠯᠢ ᠠᠷᠠᠳ ᠤᠨ ᠡᠷᠡᠭᠦᠯ | ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠭᠤᠤᠯᠳᠠᠯᠭ᠎ᠠ ᠲᠠᠢ ᠠᠰᠠᠭᠤᠳᠠᠯ ᠪᠣᠯᠭᠠᠬᠤ ᠥᠬᠡᠶ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠰᠡᠷᠭᠡᠶᠢᠯᠡᠨ | ᠬᠢᠵᠠᠭᠠᠷᠯᠠᠬᠤ ᠲᠥᠪ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | ︵ᠠᠷᠪᠠᠨ ᠵᠢᠷᠭᠤᠭ᠎ᠠ︶ ᠮᠣᠩᠭᠤᠯ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ ᠮᠣᠩᠭᠤᠯ ᠬᠢᠲᠠᠳ ᠡᠮᠨᠡᠯᠭᠡ ᠶᠢᠨ ︽ᠡᠪᠡᠳᠴᠢᠯᠡᠬᠦ ᠠᠴᠠ ᠡᠮᠦᠨ᠎ᠡ ᠵᠠᠰᠠᠬᠤ︾ ᠣᠶᠢᠯᠠᠭᠠᠭᠳᠠᠬᠤᠨ | ᠪᠠ ᠠᠷᠭ᠎ᠠ ᠶᠢ ᠳᠡᠯᠭᠡᠷᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠤᠨᠴᠠᠯᠢᠭᠳᠤ ᠳᠠᠪᠠᠭᠤᠯᠢᠭ ᠦᠶ᠋ᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠬᠦ ᠳᠤᠮᠳᠠᠬᠢ ᠭᠤᠤᠯᠯᠠᠬᠤ ᠦᠢᠯᠡᠳᠦᠯ᠂ ᠬᠦᠨᠳᠦ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ | ᠳᠤᠮᠳᠠᠬᠢ ᠬᠠᠮᠵᠢᠯᠴᠠᠬᠤ ᠦᠢᠯᠡᠳᠦᠯ᠂ ᠡᠪᠡᠳᠴᠢᠨ ᠡᠮᠭᠡᠭ ᠢ ᠡᠷᠡᠭᠦᠯᠵᠢᠭᠦᠯᠬᠦ ᠳᠤᠮᠳᠠᠬᠢ ᠭᠤᠤᠯᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠪᠥᠬᠦ ᠦᠶᠡᠯᠡᠯ ᠤᠨ᠂ ᠪᠥᠬᠦ ᠲᠠᠯ᠎ᠠ ᠶᠢᠨ᠂ ᠣᠯᠠᠨ ᠶᠠᠩᠵᠤ ᠶᠢᠨ | ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠠᠩᠭᠠᠨ᠎ᠠ᠃ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠵᠦ᠂ ᠣᠨᠴᠠᠯᠢᠭ ᠲᠠᠢ | ᠣᠨᠣᠰᠢᠯᠠᠨ ᠡᠮᠨᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠡᠮᠨᠡᠯᠭᠡ ᠶᠢᠨ ᠬᠤᠷᠢᠶ᠎ᠠ ᠶᠢᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠥᠷᠨᠢᠭᠦᠯᠵᠦ᠂ ᠣᠲᠣ ᠦᠶ᠎ᠡ ᠶᠢᠨ ᠨᠠᠷᠠᠲᠤ ᠠᠬᠠᠮᠠᠳ ᠮᠣᠩᠭᠤᠯ ᠬᠢᠲᠠᠳ ᠡᠮ | ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠦᠵᠡᠯ ᠰᠠᠨᠠᠭ᠎ᠠ ᠪᠠ ᠡᠮᠴᠢᠯᠡᠭᠡᠨ ᠤ ᠣᠨᠣᠰᠢᠯᠠᠨ | ᠡᠮᠨᠡᠬᠦ ᠲᠤᠷᠰᠢᠯᠭ᠎ᠠ ᠶᠢ ᠪᠠᠳᠠᠷᠠᠭᠤᠯᠵᠤ᠂ ᠠᠷᠠᠳ ᠤᠨ ᠳᠤᠮᠳᠠᠬᠢ ᠣᠨᠣᠰᠢᠯᠠᠨ ᠡᠮᠨᠡᠬᠦ ᠮᠡᠷᠭᠡᠵᠢᠯ ᠪᠠ ᠵᠣᠷ ᠤᠨ ᠡᠮ ᠢ | ᠠᠭᠤᠳᠠᠯᠤᠨ᠎ᠠ᠃ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠮᠣᠩᠭᠤᠯ ᠡᠮ | ᠡᠮᠨᠡᠯᠭᠡ ᠶᠢᠨ ᠰᠠᠭᠤᠷᠢ᠂ ᠡᠮᠴᠢᠯᠡᠭᠡ ᠵᠢᠴᠢ ᠮᠣᠩᠭᠤᠯ ᠡᠮ ᠤᠨ ᠬᠠᠮᠢᠶ᠎ᠠ ᠪᠥᠬᠦᠶ ᠪᠠᠷᠢᠮᠵᠢᠶ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ 2022 ᠣᠨ ᠪᠠ 2030 ᠣᠨ ᠪᠣᠯᠬᠤ ᠳᠤ | ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ ᠲᠣᠰ | ᠲᠣᠰ 50% ᠪᠠ 70% ᠳᠤ ᠬᠦᠷᠦᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢ ᠣᠶᠢᠯᠠᠭᠠᠬᠤ ᠨᠣᠷᠮ᠎ᠠ ᠶᠢ ᠲᠣᠰ ᠲᠣᠰ 90% ᠪᠠ 95% ᠳᠤ ᠬᠦᠷᠦᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠠᠷᠪᠠᠨ ᠳᠣᠯᠤᠭ᠎ᠠ︶ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢ ᠠᠬᠢᠭᠤᠯᠬᠤ | ᠠᠵᠢᠯᠯᠠᠭ᠎ᠠ ᠶᠢ ᠬᠡᠷᠡᠭᠵᠢᠭᠦᠯᠦᠨ᠎ᠡ᠃ ᠤᠯᠤᠰ ᠤᠨ ︽ᠮᠤᠵᠢ ᠶᠢᠨ ᠨᠢᠭᠡᠳᠦᠯᠲᠡᠶ ᠲᠥᠯᠥᠪᠯᠡᠬᠦ ᠣᠷᠣᠨ ᠪᠦᠰᠡ ᠶᠢᠨ | ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢᠨ ᠵᠢᠯᠣᠭᠤᠳᠤᠮᠵᠢ︾ ᠶᠢ | ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ᠂ 2022 ᠣᠨ ᠪᠣᠯᠬᠤ ᠳᠤ ᠬᠤᠰᠢᠭᠤᠨ ᠤ ᠱᠠᠲᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠪᠠᠶᠢᠭᠤᠯᠤᠮᠵᠢ ᠶᠢ ᠪᠦᠬᠦᠨ ᠢ ᠪᠤᠭᠤᠲᠤ ᠬᠤᠲᠠ ᠶᠢᠨ ᠣᠷᠣᠨ ᠪᠦᠰᠡ ᠶᠢᠨ ᠪᠥᠬᠦ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠨ ᠣᠷᠣᠭᠤᠯᠵᠤ᠂ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ 2030 ᠣᠨ ᠪᠣᠯᠬᠤ ᠳᠤ᠂ ᠡᠷᠡᠭᠦᠯ ᠮᠡᠨᠳᠦ ᠶᠢᠨ ᠡᠮᠴᠢᠯᠡᠭᠡᠨ ᠤ | ᠲᠣᠮᠣ ᠳ᠋ᠠᠶᠢᠲ᠋ᠠ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾᠂ ᠰᠠᠭᠤᠭᠠᠯᠢ ᠠᠷᠠᠳ ᠤᠨ ᠡᠯᠧᠺᠲᠷᠣᠨ | ᠡᠷᠡᠭᠦᠯ ᠮᠡᠨᠳᠦ ᠶᠢᠨ ᠺᠣᠳ᠋ ᠵᠡᠷᠭᠡ ᠶᠢ ᠨᠡᠶᠢᠳᠡᠮ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠷᠡᠭᠦᠯ ᠡᠩᠬᠡ ᠳᠠᠷᠬᠠᠨ | ᠮᠤᠤᠮᠢᠩᠭᠠᠨ ᠤ ᠠᠵᠢᠯᠯᠠᠭ᠎ᠠ ᠶᠢ ᠠᠬᠢᠭᠤᠯᠬᠤ ᠵᠥᠪᠯᠡᠯ ︵ᠳᠣᠷᠣᠭᠰᠢ ᠠᠬᠢᠭᠤᠯᠬᠤ ᠵᠥᠪᠯᠡᠯ ᠭᠡᠵᠦ ᠲᠣᠪᠴᠢᠯᠠᠨ᠎ᠠ︶ ᠢ | ᠪᠠᠶᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠬᠡᠮᠵᠢᠬᠦ ᠪᠠ ᠬᠢᠨᠠᠨ ᠰᠢᠯᠭᠠᠬᠤ ᠬᠠᠮᠢᠶ᠎ᠠ ᠪᠥᠬᠦᠶ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠬᠢᠭᠤᠯᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ | ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠨᠥᠬᠦᠳ ᠡᠭᠦᠷᠭᠡᠯᠡᠵᠦ᠂ | ᠳᠡᠳ᠋ ᠡᠷᠬᠢᠯᠡᠭᠴᠢ ᠶᠢᠨ ᠲᠤᠰᠢᠶᠠᠯ ᠢ ᠵᠠᠰᠠᠭ ᠤᠨ ᠣᠷᠳᠣᠨ ᠤ ᠠᠯᠪᠠᠨ ᠬᠡᠷ ᠤᠨ ᠬᠤᠪᠢᠳᠠᠨ ᠬᠠᠮᠢᠶᠠᠷᠴᠤ ᠪᠠᠶᠢᠭ᠎ᠠ | ᠳᠡᠳ᠋ ᠡᠷᠬᠢᠯᠡᠭᠴᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠢᠴᠢ ᠰᠤᠷᠭᠠᠨ ᠬᠥᠮᠦᠵᠢᠯ᠂ | ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠡᠭᠦᠷᠭᠡᠯᠡᠵᠦ᠂ ᠪᠦᠷᠢᠯᠳᠦᠬᠦᠨ ᠤ ᠲᠤᠰᠢᠶᠠᠯ ᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ | ᠪᠠᠶᠢᠭ᠎ᠠ ᠬᠠᠷᠢᠭᠤᠴᠠᠯᠭᠠᠲᠠᠨ᠂ ᠲᠤᠰᠬᠠᠶ ᠮᠡᠷᠭᠡᠵᠢᠯᠲᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠡᠭᠦᠷᠭᠡᠯᠡᠨ᠎ᠡ᠃ ᠲᠦᠯᠬᠢᠨ ᠠᠬᠢᠭᠤᠯᠬᠤ | ᠺᠣᠮᠢᠰ ᠤᠨ ᠠᠯᠪᠠᠨ ᠭᠡᠷ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠲᠤ ᠲᠣᠬᠢᠷᠠᠭᠤᠯᠤᠨ᠎ᠠ᠃ ᠠᠬᠢᠭᠤᠯᠬᠤ | ᠵᠥᠪᠯᠡᠯ ᠨᠢ ᠲᠤᠰᠬᠠᠶ ᠮᠡᠷᠭᠡᠵᠢᠯᠲᠡᠨ ᠤ ᠯᠠᠪᠯᠠᠯᠭ᠎ᠠ ᠶᠢᠨ ᠵᠥᠪᠯᠡᠯ ᠢ ᠪᠠᠶᠢᠭᠤᠯᠵᠤ᠂ ᠠᠬᠢᠭᠤᠯᠬᠤ ᠵᠥᠪᠯᠡᠯ ᠨᠢ ᠬᠠᠮᠢᠶ᠎ᠠ | ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠢ ᠤᠷᠢᠵᠤ ᠪᠦᠷᠢᠯᠳᠦᠭᠦᠯᠦᠨ᠂ ᠡᠷᠡᠭᠦᠯ ᠡᠩᠬᠡ ᠶᠢᠨ | ᠳᠠᠷᠬᠠᠯᠲᠠ ᠶᠢᠨ ᠠᠵᠢᠯᠯᠠᠭ᠎ᠠ ᠶᠢ ᠠᠬᠢᠭᠤᠯᠤᠨ ᠬᠡᠷᠡᠭᠵᠢᠭᠦᠯᠬᠦ ᠳᠤ ᠮᠡᠷᠭᠡᠵᠢᠯ ᠤᠨ ᠳᠡᠮᠵᠢᠯᠭᠡ ᠬᠠᠩᠭᠠᠬᠤ ᠶᠢ | ᠬᠠᠷᠢᠭᠤᠴᠠᠨ᠎ᠠ᠃ ᠠᠬᠢᠭᠤᠯᠬᠤ ᠵᠦᠪᠯᠡᠯ ᠤᠨ ᠳᠣᠣᠷ᠎ᠠ ᠡᠯ᠎ᠡ ᠲᠤᠰᠬᠠᠶ ᠵᠦᠢᠯ ᠤᠨ ᠠᠵᠢᠯᠯᠠᠭ᠎ᠠ ᠶᠢᠨ ᠠᠵᠢᠯᠯᠠᠬᠤ | ᠳᠤᠭᠤᠶᠢᠯᠠᠩ ᠪᠠᠶᠢᠭᠤᠯᠵᠤ᠂ ᠲᠤᠰᠬᠠᠶ ᠵᠦᠢᠯ ᠤᠨ ᠠᠵᠢᠯᠯᠠᠭ᠎ᠠ ᠶᠢ ᠪᠣᠳᠠᠲᠠᠶ ᠬᠡᠷᠡᠭᠵᠢᠭᠦᠯᠬᠦ ᠪᠠ ᠬᠢᠨᠠᠨ ᠬᠡᠮᠵᠢᠬᠦ | ᠠᠵᠢᠯ ᠢ ᠬᠠᠷᠢᠭᠤᠴᠠᠭᠤᠯᠤᠨ᠎ᠠ᠃ | ︵ᠬᠤᠶᠠᠷ︶ ᠥᠷᠭᠡᠨ ᠢᠶᠠᠷ ᠳᠠᠶᠢᠴᠢᠯᠠᠨ ᠣᠷᠣᠯᠴᠠᠭᠤᠯᠤᠨ᠎ᠠ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ | ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠪᠥᠬᠦ ᠨᠡᠶᠢᠭᠡᠮ ᠤᠨ ᠬᠦᠴᠦᠨ ᠢ ᠨᠢᠭᠲᠠᠷᠠᠭᠤᠯᠤᠨ | ᠂ ᠡᠷᠡᠭᠦᠯ ᠮᠡᠨᠳᠦ ᠶᠢ ᠠᠬᠢᠭᠤᠯᠬᠤ ᠨᠡᠶᠢᠯᠡᠮᠡᠯ ᠬᠦᠴᠦᠨ ᠢ ᠬᠤᠪᠢ ᠬᠥᠮᠦᠨ ᠪᠠ ᠬᠡᠷ ᠪᠦᠯᠢ ᠶᠢᠨ ᠡᠷᠡᠭᠦᠯ ᠮᠡᠨᠳᠦ ᠶᠢᠨ | ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠬᠤᠪᠢ ᠬᠥᠮᠦᠨ ᠤ ᠡᠷᠡᠭᠦᠯ ᠮᠡᠨᠳᠦ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢᠯᠠᠩᠭᠤᠶ᠎ᠠ ᠰᠤᠷᠭᠠᠭᠤᠯᠢ᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠨᠤᠭᠤᠳ ᠲᠣᠰ ᠪᠡᠶ᠎ᠡ ᠶᠢᠨ ᠡᠬᠢ ᠪᠠᠶᠠᠯᠢᠭ ᠢᠶᠠᠨ ᠭᠦᠢᠴᠡᠳ ᠠᠭᠤᠳᠠᠯᠬᠤ ᠪᠠ ᠠᠰᠢᠭᠯᠠᠵᠤ᠂ ᠡᠷᠡᠭᠦᠯ | ᠮᠡᠨᠳᠦ ᠶᠢᠨ ᠡᠰ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠡᠷᠡᠭᠦᠯ | ᠮᠡᠨᠳᠦ ᠶᠢᠨ ᠳᠡᠮᠵᠢᠯᠭᠡ ᠶᠢᠨ ᠴᠢᠨᠠᠷᠲᠠᠶ ᠣᠷᠴᠢᠨ ᠲᠣᠭᠤᠷᠢᠨ ᠢ ᠡᠭᠦᠳᠬᠦ ᠬᠡᠷᠡᠭᠲᠡᠶ᠃ ᠠᠵᠤ ᠠᠬᠤᠶᠢᠯᠠᠯ ᠤᠨ ᠡᠷᠡᠭᠦᠯ | ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ | ᠵᠣᠷᠢᠭᠵᠢᠭᠤᠯᠵᠤ᠂ ᠡᠷᠡᠭᠦᠯ ᠮᠡᠨᠳᠦ ᠶᠢᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠨᠡᠶᠢᠭᠡᠮ ᠠᠴᠠ ᠪᠠᠯᠠ | ᠮᠥᠩᠭᠦ ᠬᠠᠨᠳᠢᠪᠯᠠᠬᠤ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠳᠤ ᠲᠦᠰᠢᠭᠯᠡᠨ ᠡᠷᠡᠭᠦᠯ ᠮᠡᠨᠳᠦ ᠶᠢ ᠪᠠᠲᠤᠯᠠᠬᠤ | ᠠᠵᠢᠯᠯᠠᠭ᠎ᠠ ᠶᠢ ᠬᠠᠤᠯᠢ ᠶᠣᠰᠣᠭᠠᠷ ᠳᠥᠯᠭᠢᠨ ᠠᠬᠢᠭᠤᠯᠵᠤ᠂ ᠪᠠᠯᠠ ᠮᠥᠩᠭᠦ ᠶᠢᠨ ᠢᠷᠡᠯᠲᠡ ᠶᠢᠨ ᠣᠯᠠᠨ | ᠡᠰᠢᠵᠢᠭᠦᠯᠦᠭᠰᠡᠨ ᠪᠠᠲᠤᠯᠠᠭ᠎ᠠ ᠶᠢᠨ ᠲᠣᠭᠲᠠᠴᠠ ᠶᠢ ᠪᠣᠶ ᠪᠣᠯᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠡᠷᠡᠭᠦᠯ ᠮᠡᠨᠳᠦ ᠶᠢᠨ ᠲᠥᠷᠥᠯ ᠤᠨ ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠬᠦ ᠶᠢ ᠵᠤᠷᠢᠭᠵᠢᠭᠤᠯᠤᠨ᠎ᠠ | ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮᠯᠢᠭ ᠪᠠ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠪᠤᠰᠤᠳ ᠨᠡᠶᠢᠭᠡᠮ ᠤᠨ ᠵᠣᠬᠢᠶᠠᠨ | ᠪᠠᠶᠢᠭᠤᠯᠤᠯᠲᠠ ᠨᠤᠭᠤᠳ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠷᠡᠭᠦᠯ ᠮᠡᠨᠳᠦ ᠶᠢ ᠠᠬᠢᠭᠤᠯᠬᠤ ᠪᠠ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠬᠤ ᠬᠡᠷᠡᠭᠲᠡᠶ᠃ | ︵ᠭᠤᠷᠪᠠ︶ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠪᠠ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠴᠢᠩᠭᠠᠳᠬᠠᠵᠤ᠂ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠳᠡᠮᠵᠢᠯᠭᠡ ᠶᠢ ᠴᠢᠩᠭᠠᠳᠬᠠᠵᠤ᠂ ᠪᠠᠯᠠ ᠮᠥᠩᠭᠦ ᠶᠢ ᠨᠢᠭᠡᠳᠦᠯᠲᠡᠶ | ᠲᠥᠯᠥᠪᠯᠡᠬᠦ ᠶᠢ ᠴᠢᠩᠭᠠᠷᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ᠂ ᠴᠢᠬᠤᠯᠠ ᠶᠡᠭᠡ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠶ᠋ᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ | ᠴᠢᠭᠯᠡᠭᠦᠯᠦᠯᠲᠦ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ | ︵ᠳᠥᠷᠪᠡ︶ ᠰᠢᠯᠭᠠᠨ ᠬᠢᠨᠠᠵᠤ ᠬᠢᠨᠠᠨ ᠬᠡᠮᠵᠢᠬᠦ ᠶᠢ ᠰᠠᠶᠢᠲᠤᠷ ᠬᠢᠬᠦ ᠬᠡᠷᠡᠭᠲᠡᠶ᠃ ᠡᠷᠡᠭᠦᠯ ᠡᠩᠬᠡ ᠳᠠᠷᠬᠠᠨ | ᠮᠤᠤᠮᠢᠩᠭᠠᠨ ᠤ ᠠᠵᠢᠯᠯᠠᠭ᠎ᠠ ᠪᠣᠯ ︽︿ᠡᠷᠡᠭᠦᠯ ᠡᠩᠭᠡ ᠥᠪᠥᠷ ᠮᠣᠩᠭᠤᠯ 2030﹀ ᠶᠢᠨ ᠬᠡᠷᠡᠭᠵᠢᠭᠦᠯᠬᠦ ᠲᠥᠰᠦᠯ︾ | ᠢ ᠨᠠᠶᠢᠳᠠᠪᠤᠷᠢᠵᠢᠭᠤᠯᠬᠤ ᠪᠣᠳᠠᠲᠠᠢ ᠭᠠᠷᠳᠠᠴᠠ ᠪᠠ ᠠᠬᠢᠭᠤᠯᠬᠤ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠭᠠᠵᠠᠷ ᠣᠷᠣᠨ᠂ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠷᠡᠭᠦᠯ ᠮᠡᠨᠳᠦ ᠶᠢᠨ ᠭᠤᠤᠯ ᠪᠣᠯᠬᠤ ᠭᠦᠢᠴᠡᠳᠬᠡᠯ ᠲᠤᠭ᠎ᠠ ᠶᠢ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ | ᠲᠤᠭ᠎ᠠ ᠳᠤ ᠣᠷᠣᠭᠤᠯᠵᠤ᠂ ᠶᠡᠷᠦᠩᠬᠡᠶᠢᠯᠡᠨ ᠰᠢᠯᠭᠠᠨ ᠬᠢᠨᠠᠭᠰᠠᠨ ᠦᠷ᠎ᠡ ᠳ᠋ᠦᠩ ᠢ ᠠᠬᠢᠭᠤᠯᠬᠤ ᠺᠣᠮᠢᠰ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ ᠵᠠᠷᠯᠠᠨ ᠮᠡᠳᠡᠭᠳᠡᠵᠦ᠂ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ | ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ᠂ ᠺᠠᠳ᠋ᠷ ᠢ ᠱᠠᠩᠨᠠᠵᠤ ᠲᠣᠷᠭᠠᠵᠤ ᠬᠡᠷᠡᠭᠯᠡᠬᠦ ᠶᠢᠨ ᠴᠢᠬᠤᠯᠠ | ᠯᠠᠪᠯᠠᠯᠲᠠ ᠪᠣᠯᠭᠠᠬᠤ ᠬᠡᠷᠡᠭᠲᠡᠶ᠃ |