ᠪᠤᠯᠪᠠᠰᠤᠨ ᠪᠤᠰᠤ ᠠᠵᠢᠯᠯᠠᠭ᠎ᠠ ᠳᠤ ︽ᠪᠤᠯᠬᠤ ᠦᠭᠡᠢ︾ ᠬᠡᠵᠦ ᠬᠡᠯᠡᠶ᠎ᠡ
ᠨᠡᠶᠢᠲᠡᠯᠡᠭᠰᠡᠨ ᠴᠠᠭ᠄
2021/11/24
     ᠬᠤᠳᠠ ᠶᠢᠨ ᠠᠷᠠᠳ ᠤᠨ ᠰᠠᠭᠤᠭᠠᠯᠢ ᠲᠤᠭᠤᠷᠢᠭ ᠤᠨ ᠠᠮᠤᠷ ᠲᠦᠪᠰᠢᠨ ᠤᠷᠴᠢᠨ ᠲᠤᠭᠤᠷᠢᠨ ᠪᠤᠯ ᠬᠤᠳᠠ  ᠶᠢᠨ ᠲᠦᠷᠢ ᠲᠦᠷᠬᠦ ᠶᠢᠨ ᠴᠤᠩᠬᠤᠪᠴᠢ᠂ ᠪᠤᠯᠪᠠᠰᠤᠨ ᠬᠤᠳᠠ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠠᠵᠢᠯ ᠳᠤ ᠶᠡᠬᠡᠬᠡᠨ ᠬᠦᠴᠦ ᠨᠡᠮᠡᠷᠢᠯᠡᠵᠦ᠂ ᠰᠠᠭᠤᠭᠠᠯᠢ ᠲᠤᠭᠤᠷᠢᠭ  ᠤᠨ ᠠᠷᠢᠭᠤᠨ ᠴᠡᠪᠡᠷ ᠪᠤᠯᠪᠠᠰᠤᠨ ᠡᠮᠬᠢ ᠲᠢᠭᠯᠢᠮ ᠢ ᠬᠠᠮᠠᠭᠠᠯᠠᠬᠤ ᠳᠤ ᠬᠤᠳᠠ ᠶᠢᠨ ᠠᠷᠠᠳ ᠪᠦᠬᠦᠨ ᠬᠠᠷᠢᠭᠤᠴᠠᠯᠭ᠎ᠠ  ᠲᠠᠢ ᠶᠤᠮ᠃
     ᠵᠠᠷᠢᠮ ᠰᠠᠭᠤᠭᠠᠯᠢ ᠠᠷᠠᠳ ᠤᠨ ᠲᠤᠭᠤᠷᠢᠭ ᠤᠨ ᠠᠰᠠᠷ ᠤᠨ ᠭᠤᠳᠤᠮᠵᠢ ᠳᠤ ᠡᠯ᠎ᠡ ᠵᠦᠢᠯ ᠤᠨ ᠴᠠᠭᠠᠰᠤᠨ ᠬᠠᠶᠢᠷᠴᠠᠭ᠂ ᠯᠤᠩᠬᠤ ᠰᠠᠪᠠ᠂ ᠠᠪᠳᠠᠷ᠎ᠠ ᠬᠤᠷᠭᠤ᠂ ᠭᠠᠩ ᠰᠠᠪᠠ ᠤᠪᠤᠭᠠᠯᠠᠨ᠃ ᠴᠠᠬᠢᠯᠭᠠᠨ ᠲᠤᠭᠤᠷᠢᠭ᠂  ᠮᠤᠲ᠋ᠤᠷ ᠲᠡᠷᠭᠡ ᠪᠠᠨ ᠲᠤᠷ᠎ᠠ ᠪᠠᠷ ᠢᠶᠠᠨ ᠵᠤᠭᠰᠤᠭᠠᠵᠦ᠂ ᠤᠷᠤᠵᠦ ᠭᠠᠷᠬᠤ ᠳᠤ ᠲᠤᠩ ᠲᠦᠭᠦᠮ ᠦᠭᠡᠢ ᠮᠦᠷᠳᠡᠭᠡᠨ ᠪᠠᠰᠠ ᠲᠤᠶᠢᠯ ᠤᠨ ᠶᠡᠭᠡ ᠠᠮᠤᠷ ᠲᠦᠪᠰᠢᠨ ᠤ ᠲᠠᠯᠳᠠ ᠭᠡᠮ ᠤᠷᠤᠰᠢᠵᠦ ᠪᠤᠢ᠃
     ᠬᠤᠳᠠ ᠶᠢᠨ ᠠᠷᠠᠳ ᠪᠦᠬᠦᠨ ᠡᠷᠬᠡᠪᠰᠢ ᠡᠳᠡᠭᠡᠷ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠡᠷᠡᠰ ᠲᠠᠪᠴᠢᠵᠦ᠂ ᠪᠤᠯᠪᠠᠰᠤᠨ ᠶᠤᠰᠤ ᠰᠤᠷᠳᠠᠬᠤᠨ ᠲᠠᠢ ᠢᠷᠭᠡᠨ ᠪᠤᠯᠵᠦ᠂ ᠪᠤᠯᠪᠠᠰᠤᠨ  ᠲᠦᠷᠢ ᠲᠦᠷᠬᠦ ᠶᠢ  ᠡᠭᠦᠳᠦᠨ᠂ ᠪᠤᠯᠪᠠᠰᠤᠨ ᠬᠤᠳᠠ ᠶᠢᠨ ᠬᠡᠪ ᠨᠠᠮᠪᠠ ᠪᠠᠨ ᠪᠠᠳᠠᠷᠠᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠠᠭᠠᠶ᠎ᠠ︕
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号