ᠣᠷᠠᠨ ᠵᠢᠷᠤᠭ ᠤᠷᠠᠨ ᠪᠢᠴᠢᠯᠭᠡ ᠶᠢᠨ ᠪᠠᠭᠰᠢ — ᠭᠦᠸᠧ ᠶᠠᠨ
ᠨᠡᠶᠢᠲᠡᠯᠡᠭᠰᠡᠨ ᠴᠠᠭ᠄
2021/11/24
     ᠬᠤᠰᠢᠭᠤᠨ ᠤ ᠤᠯᠠᠨ ᠲᠦᠷᠦᠯ ᠤᠨ ᠭᠠᠷ ᠤᠷᠠᠯᠠᠯ ᠤᠨ ᠪᠤᠯᠪᠠᠰᠤᠷᠠᠯ ᠤᠨ ᠠᠩᠭᠢ ᠳᠤ ᠲᠤᠮᠳᠠ ᠵᠡᠷᠭᠡ ᠶᠢᠨ ᠪᠡᠶ᠎ᠡ ᠲᠠᠢ᠂ ᠲᠦᠪᠯᠡᠬᠦᠨ ᠴᠢᠷᠠᠢ ᠲᠠᠢ ᠨᠢᠭᠡ ᠬᠦᠮᠦᠨ ᠢ ᠦᠷᠭᠦᠯᠵᠢ ᠤᠯᠵᠦ ᠬᠠᠷᠠᠳᠠᠭ ᠢᠶᠠᠷ ᠢᠶᠠᠨ ᠮᠠᠨ ᠤ ᠰᠤᠷᠪᠤᠯᠵᠢᠯᠭ᠎ᠠ ᠶᠢᠨ ᠬᠢᠨ ᠡᠷᠢᠵᠦ  ᠰᠤᠷᠪᠤᠯᠵᠢᠯᠠᠬᠤ ᠪᠠᠷ ᠪᠤᠯᠤᠯ᠎ᠠ᠃ ᠡᠨᠡ ᠬᠦᠮᠦᠨ ᠢ ᠭᠦᠸᠧ ᠶᠠᠨ ᠭᠡᠳᠡᠭ᠂ ᠮᠠᠨ  ᠤ ᠬᠤᠰᠢᠭᠤᠨ ᠤ ᠮᠤᠩᠭᠤᠯ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ᠂ ᠲᠡᠷᠡ ᠰᠤᠷᠭᠠᠭᠤᠯᠢ ᠶᠢᠨ ᠬᠡᠥᠬᠡᠳ  ᠤᠨ ᠤᠷᠠᠨ ᠵᠢᠷᠤᠭ ᠤᠨ ᠬᠢᠴᠢᠶᠡᠯ ᠢ ᠡᠯᠪᠡᠭ ᠪᠠᠶᠠᠯᠢᠭ ᠠᠭᠤᠯᠭ᠎ᠠ ᠪᠠᠷ ᠤᠷᠤᠳᠠᠭ ᠢᠶᠠᠷ ᠪᠠᠷᠠᠬᠤ ᠦᠭᠡᠢ ᠬᠢᠴᠢᠶᠡᠯ ᠤᠨ ᠰᠤᠯᠠ ᠰᠡᠯᠡᠭᠦᠦ ᠴᠠᠭ ᠢᠶᠠᠷ ᠢᠶᠠᠨ ᠪᠠᠰᠠ ᠰᠤᠷᠤᠭᠴᠢᠳ ᠲᠤ ᠤᠷᠠᠨ ᠪᠢᠴᠢᠯᠭᠡ ᠵᠢᠭᠠᠳᠠᠭ᠃ ︽ᠪᠠᠭᠰᠢ ᠶᠢᠨ ᠮᠡᠷᠭᠡᠵᠢᠯ ᠢᠶᠠᠷ ᠲᠡᠭᠦᠰᠦᠭᠰᠡᠨ ᠪᠤᠯᠬᠤᠷ ᠬᠡᠥᠬᠡᠳ ᠤᠨ ᠵᠢᠭᠠᠨ ᠰᠤᠷᠭᠠᠬᠤ ᠠᠵᠢᠯ ᠢ ᠮᠠᠰᠢ ᠴᠢᠬᠤᠯᠠᠴᠢᠯᠠᠳᠠᠭ︾ ᠬᠡᠮᠡᠨ ᠲᠡᠷᠡ ᠪᠢᠳᠡᠨ ᠳᠤ ᠶᠠᠷᠢᠵᠦ ᠪᠠᠶᠢᠯ᠎ᠠ᠃ ᠠᠮᠠᠷᠠᠯᠳᠠ ᠶᠢᠨ ᠴᠠᠭ ᠢᠶᠠᠷ ᠢᠶᠠᠨ ᠭᠦᠸᠧ ᠶᠠᠨ ᠲᠠᠩᠳᠠ ᠤᠷᠠᠨ ᠪᠢᠴᠢᠯᠭᠡ  ᠶᠢᠨ ᠤᠷᠤᠯᠳᠤᠭᠠᠨ ᠳᠤ ᠲᠡᠭᠦᠨ ᠤ ᠪᠦᠳᠦᠭᠡᠯ ᠨᠢ ᠰᠢᠯᠢᠳᠡᠭ ᠬᠢᠷᠢ ᠪᠦᠳᠦᠮᠵᠢ ᠤᠯᠵᠦ᠂ ᠦᠪᠦᠷ ᠮᠤᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠡᠪᠯᠡᠯ ᠤᠨ ᠬᠡᠰᠢᠭᠦᠨ᠂ ᠪᠤᠭᠤᠳᠦ ᠬᠤᠳᠠ ᠶᠢᠨ ᠤᠷᠠᠨ ᠪᠢᠴᠢᠯᠭᠡᠳᠡᠨ ᠤ ᠨᠡᠶᠢᠭᠡᠮᠯᠢᠭ ᠤᠨ ᠬᠡᠰᠢᠬᠦᠨ᠂ ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ  ᠤᠨ ᠨᠡᠶᠢᠭᠡᠮᠯᠢᠭ ᠤᠨ ᠬᠡᠰᠢᠭᠦᠨ   ᠤ ᠠᠯᠳᠠᠷ ᠢ ᠪᠠᠰᠠ ᠡᠷᠭᠦᠵᠦ ᠪᠤᠢ᠃
     ᠤᠷᠠᠨ ᠵᠢᠷᠤᠭ ᠤᠨ ᠮᠡᠷᠭᠡᠵᠢᠯ ᠢᠶᠠᠷ ᠲᠡᠭᠦᠰᠦᠭᠰᠡᠨ ᠬᠦᠮᠦᠨ ᠭᠠᠷ ᠤᠷᠠᠯᠠᠯ ᠤᠨ ᠵᠦᠢᠯᠡᠰ ᠢ ᠠᠩᠬᠠᠷᠬᠤ ᠳᠤ  ᠪᠠᠨ ᠪᠤᠰᠤᠳ ᠠᠴᠠ ᠬᠢᠷᠠᠬᠠᠢ  ᠪᠠᠶᠢᠳᠠᠭ᠃ ᠬᠦᠸᠧ ᠶᠠᠨ ᠭᠡᠷᠭᠡᠢ ᠰᠡᠴᠡᠨᠴᠢᠮᠡᠭ ᠲᠠᠢ ᠪᠠᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠮᠡᠷᠭᠡᠵᠢᠯ ᠤᠨ ᠬᠠᠮᠳᠦ ᠰᠤᠷᠤᠭᠴᠢ ᠪᠤᠯᠬᠤᠷ ᠬᠤᠶᠠᠭᠤᠯᠠ ᠶᠢᠨ ᠦᠭᠡ ᠶᠠᠷᠢᠶ᠎ᠠ ᠦᠵᠡᠯ ᠪᠤᠳᠤᠯ ᠨᠢᠭᠡ ᠪᠠᠶᠢᠵᠦ᠂ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠡᠷᠬᠢᠯᠡᠭᠰᠡᠨ ᠭᠠᠷ ᠤᠷᠠᠯᠠᠯ ᠤᠨ ᠪᠤᠯᠪᠠᠰᠤᠷᠠᠯ ᠤᠨ ᠠᠩᠭᠢ ᠳᠤ ᠬᠤᠶᠠᠭᠤᠯᠠ ᠪᠠᠨ ᠤᠯᠠᠨ ᠤᠳᠠᠭ᠎ᠠ ᠤᠷᠤᠯᠴᠠᠵᠦ ᠠᠷᠠᠰᠤᠨ ᠤᠷᠠᠯᠠᠯ᠂ ᠬᠠᠳᠬᠤᠮᠠᠯ ᠤᠶᠤᠳᠠᠯ ᠢ ᠦᠪᠡᠷ ᠤᠨ ᠢᠶᠠᠨ ᠪᠠᠰᠠ ᠨᠢᠭᠡᠨ ᠭᠠᠷ ᠤᠷᠠᠯᠠᠯ ᠤᠨ ᠮᠡᠷᠭᠡᠵᠢᠯ ᠢᠶᠠᠨ ᠪᠤᠯᠭᠠᠨ ᠰᠤᠷᠤᠯᠴᠠᠵᠦ ᠬᠤᠶᠢᠴᠢ ᠦᠶ᠎ᠡ ᠳᠤ ᠪᠠᠨ ᠬᠠᠷᠠᠮ ᠦᠭᠡᠢ ᠵᠢᠭᠠᠵᠦ ᠦᠭᠬᠦ ᠪᠠᠷ ᠴᠢᠷᠮᠠᠶᠢᠰᠠᠭᠠᠷ᠂᠂᠂᠂
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号