ᠲᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠵᠢᠷᠭᠤᠳᠤᠭᠠᠷ ᠪᠦᠭᠦᠳᠡ ᠬᠤᠷᠠᠯ11 ᠰᠠᠷ᠎ᠠ ᠶᠢᠨ8 ᠠᠴᠠ11 ᠤ ᠡᠳᠦᠷ ᠪᠤᠯᠳᠠᠯ᠎ᠠ ᠪᠡᠭᠡᠵᠢᠩ ᠳᠤ ᠬᠤᠷᠠᠯᠳᠣᠪᠠ᠃ | ᠪᠦᠬᠦᠳᠡ ᠬᠤᠷᠠᠯ ᠠᠴᠠ ᠰᠢ ᠶᠢᠨ ᠫᠢᠩ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠠᠶᠢᠳᠠᠯᠭ᠎ᠠ | ᠪᠠᠷ ᠬᠢᠭᠰᠡᠨ ᠠᠵᠢᠯ ᠤᠨ ᠢᠯᠡᠳᠭᠡᠯ ᠢ ᠰᠤᠨᠤᠰᠤᠨ ᠶᠠᠷᠢᠯᠴᠠᠵᠦ᠂ ︽ᠨᠠᠮ ᠤᠨ ᠵᠠᠭᠤᠨ ᠵᠢᠯ ᠤᠨ ᠲᠡᠮᠡᠴᠡᠯ ᠤᠨ | ᠴᠢᠬᠤᠯᠠ ᠶᠡᠭᠡ ᠠᠮᠵᠢᠯᠳᠠ ᠪᠦᠳᠦᠮᠵᠢ ᠪᠠ ᠲᠡᠥᠬᠡᠨ ᠲᠤᠷᠰᠢᠯᠭ᠎ᠠ ᠶᠢᠨ ᠲᠤᠬᠠᠢ ᠲᠤᠮᠳᠠᠳᠦ ᠤᠯᠤᠰ ᠤᠨ ᠡᠪ ᠬᠠᠮᠳᠦ | ᠨᠠᠮ ᠤᠨ ᠲᠦᠪ ᠬᠤᠷᠢᠶᠠᠨ ᠤ ᠰᠢᠢᠳᠪᠦᠷᠢ︾ ᠶᠢ ᠬᠢᠨᠠᠨ ᠶᠠᠷᠢᠯᠴᠠᠵᠦ ᠪᠠᠳᠤᠯᠠᠭᠰᠠᠨ ᠪᠠᠶᠢᠨ᠎ᠠ᠃ | | 11 ᠰᠠᠷ᠎ᠠ ᠶᠢᠨ17 ᠤ ᠡᠳᠦᠷ ᠪᠠᠶ᠋ᠬᠠᠤᠪᠤᠭ᠎ᠠ ᠰᠤᠮᠤᠨ ᠤ ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠤᠨ | ᠬᠢᠨ ᠬᠡᠰᠡᠭ ᠨᠠᠮ ᠤᠨ ᠬᠡᠰᠢᠬᠦᠨ ᠪᠤᠯᠤᠨ ᠮᠠᠯᠴᠢᠳ ᠢᠶᠠᠨ ᠵᠤᠬᠢᠶᠠᠨ ᠪᠠᠶᠢᠭᠤᠯᠤᠨ ᠭᠠᠴᠠᠭᠠᠨ ᠤ ᠪᠠᠨ ᠬᠤᠪᠢᠰᠬᠠᠯ | ᠤᠨ ᠮᠤᠩᠭᠤᠯ ᠭᠡᠷ ᠲᠤ ᠨᠠᠮ ᠤᠨ ᠠᠷᠪᠠᠨ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ ᠰᠤᠮᠤᠨ ᠤ ᠨᠠᠮ ᠤᠨ | ᠬᠤᠷᠢᠶᠠᠨ ᠤ ᠱᠦᠵᠢ ᠪᠦᠷᠢᠨ ᠢ ᠤᠨᠴᠠ ᠣᠷᠢᠨ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠲᠠᠭᠠᠭᠤᠯᠤᠨ | ᠰᠤᠷᠤᠯᠴᠠᠭᠤᠯᠪᠠ᠃ | | ᠭᠠᠴᠠᠭᠠᠨ ᠤ ᠨᠠᠮ ᠤᠨ ᠡᠭᠦᠷ ᠤᠨ ᠱᠦᠵᠢ ᠲᠦᠮᠡᠨᠵᠢᠷᠭᠠᠯ ᠰᠤᠷᠤᠯᠴᠠᠯᠭ᠎ᠠ ᠳᠤ ᠪᠠᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠩ | ᠤᠬᠠᠮᠰᠠᠷ ᠠᠴᠠ ᠪᠠᠨ ᠰᠤᠷᠤᠯᠴᠠᠨ ᠲᠤᠭᠤᠰᠢᠯᠠᠭᠤᠯᠵᠦ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠳᠦ ᠴᠡᠭᠡᠵᠢᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠭᠡᠯ | ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠰᠢᠷᠭᠠᠭᠤ ᠬᠠᠳᠠᠭᠤᠵᠢᠯᠳᠠᠢ ᠠᠵᠢᠯᠯᠠᠵᠦ᠂ | ᠮᠠᠯᠴᠢᠨ ᠲᠦᠮᠡᠨ ᠳᠤ ᠪᠠᠨ ᠨᠡᠩ ᠰᠠᠶᠢᠨ ᠦᠢᠯᠡᠴᠢᠯᠡᠬᠦ ᠵᠤᠷᠢᠭ ᠢᠶᠠᠨ ᠢᠯᠡᠳᠬᠡᠵᠡᠢ᠃ ᠠᠬᠠᠮᠠᠳ ᠨᠠᠮ ᠤᠨ | ᠬᠡᠰᠢᠭᠦᠨ ᠬᠠᠮᠪᠤᠤ ᠠᠴᠠ ᠦᠪᠡᠷ ᠤᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠭᠰᠠᠨ ᠤᠯᠤᠯᠳᠠ | ᠲᠦᠷᠦᠭᠳᠡᠯ ᠢᠶᠠᠨ ᠬᠤᠪᠢᠶᠠᠯᠴᠠᠵᠦ᠂ ᠵᠠᠯᠠᠭᠤ ᠨᠢᠬᠡ ᠦᠶ᠎ᠡ ᠶᠢᠨ ᠬᠢᠨ ᠢ ᠰᠤᠷᠤᠯᠴᠠᠯᠭ᠎ᠠ ᠪᠤᠯᠪᠠᠰᠤᠷᠠᠯ ᠢᠶᠠᠨ ᠨᠡᠩ | ᠴᠢᠩᠭᠠᠳᠬᠠᠬᠤ ᠬᠡᠷᠡᠭᠳᠡᠢ ᠬᠡᠮᠡᠨ ᠵᠠᠬᠢᠭᠰᠠᠨ ᠪᠠᠶᠢᠨ᠎ᠠ᠃ ᠰᠤᠮᠤᠨ ᠤ ᠺᠠᠲᠷ ᠰᠢᠨᠡᠰᠤᠶᠤᠯ ᠠᠭᠤᠤ ᠶᠡᠭᠡ ᠡᠪ ᠬᠠᠮᠳᠦ | ᠨᠠᠮ ᠢᠶᠠᠨ ᠬᠠᠶᠢᠷᠠᠯᠠᠬᠤ ᠰᠡᠳᠬᠢᠯᠭᠡ ᠪᠠᠷ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠲᠡᠮᠡᠴᠡᠯ | ᠶᠠᠪᠤᠭᠤᠯᠤᠭᠰᠠᠨ ︽ᠠᠷᠪᠠ ᠶᠢ ᠪᠠᠷᠢᠮᠳᠠᠯᠠᠬᠤ︾ ᠦᠨᠡᠳᠦ ᠲᠡᠥᠬᠡᠨ ᠲᠤᠷᠰᠢᠯᠭ᠎ᠠ ᠲᠠᠢ ᠤᠶᠠᠯᠳᠤᠭᠤᠯᠤᠨ ᠬᠤᠯᠪᠤᠭ᠎ᠠ | ᠨᠠᠶᠢᠷᠠᠭᠤᠯᠤᠨ ᠵᠤᠬᠢᠶᠠᠵᠦ᠂ ᠬᠤᠷᠠᠯ ᠤᠨ ᠵᠤᠷᠢᠭ ᠰᠠᠨᠠᠭ᠎ᠠ ᠶᠢ ᠦᠷᠭᠡᠨ ᠤᠯᠠᠨ ᠮᠠᠯᠴᠢᠨ ᠲᠦᠮᠡᠨ ᠳᠤ ᠬᠦᠷᠭᠡᠭᠰᠡᠨ | ᠪᠠᠶᠢᠨ᠎ᠠ᠃ | |