ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2021/11/26
     11 ᠰᠠᠷ᠎ᠠ ᠶᠢᠨ 25 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂  ᠤᠷᠤᠯᠠᠭᠴᠢ ᠱᠢ ᠵᠥᠩ ᠴᠢᠨ ᠢ ᠣᠷᠣᠯᠠᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠲᠦᠷᠦᠭᠦᠯᠡᠨ ᠶᠠᠷᠢᠶ᠎ᠠ ᠲᠠᠯᠪᠢᠵᠤ᠂ ᠮᠥᠩᠬᠡᠪᠠᠭᠠᠲᠤᠷ᠂ ᠳ᠋ᠦᠩ ᠺᠠᠶ᠂ ᠵᠢᠶ ᠴᠢᠤᠸᠠᠨ  ᠵᠦᠦ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
     ᠤᠯᠠᠨ ᠢᠶᠠᠷ ᠢᠶᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠴᠢᠬᠤᠯᠠ ᠲᠡᠦᠬᠡᠨ ᠴᠠᠭ ᠮᠥᠴᠡ ᠳᠤ᠂ ᠨᠠᠮ ᠠᠴᠠ ᠠᠷᠠᠳ ᠲᠦᠮᠡᠨ ᠢ ᠤᠳᠤᠷᠢᠳᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃ ᠪᠥᠬᠦᠳᠡ ᠬᠤᠷᠠᠯ ᠠᠴᠠ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ  ᠰᠢᠢᠳᠪᠦᠷᠢ︾᠂ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠣᠯᠤᠨ ᠤᠯᠤᠰ ᠤᠨ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ ᠭᠦᠨᠵᠡᠭᠡᠢ ᠲᠣᠳᠣᠷᠬᠠᠶᠢᠯᠠᠨ ᠲᠠᠶᠢᠯᠪᠤᠷᠢᠯᠠᠬᠤ ᠪᠣᠯ ᠪᠢᠳᠡᠨ ᠤ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ ᠪᠠ  ᠦᠢᠯᠡᠳᠦᠯᠡᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠢᠯᠠᠯᠲᠠ ᠶᠢ ᠲᠡᠮᠡᠴᠡᠨ ᠤᠯᠬᠤ ᠢᠲᠡᠭᠡᠯ ᠵᠣᠷᠢᠭ ᠪᠠ ᠬᠦᠴᠦᠨ ᠴᠢᠳᠠᠯ ᠢᠶᠠᠨ ᠦᠷᠭᠦᠯᠵᠢᠯᠡᠨ ᠴᠢᠩᠭᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠢᠭᠴᠤ ᠰᠠᠬᠤᠯᠢᠭ ᠦᠶ᠎ᠡ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠶ᠃      ᠬᠤᠷᠠᠯ ᠠᠴᠠ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠡᠵᠡᠮᠰᠢᠵᠦ᠂ ︽ᠰᠢᠢᠳᠪᠦᠷᠢ︾ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠡᠩ ᠡᠷᠡᠰ ᠪᠠᠲᠤ ᠲᠡᠦᠬᠡ ᠶᠢᠨ ᠢᠲᠡᠭᠡᠯ᠂ ᠬᠦᠰᠡᠯᠡᠩ ᠢᠲᠡᠭᠡᠯ ᠪᠢᠰᠢᠷᠡᠯ ᠢᠶᠠᠷ ᠢᠶᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ  ᠲᠠᠷᠬᠠᠨ ᠮᠤᠤᠮᠢᠩᠭᠠᠬᠨ ᠢ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠳᠤ ᠣᠷᠣᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠲᠦᠷᠦᠯ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠤᠣᠯᠳᠠᠯᠭ᠎ᠠ ᠪᠣᠯᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ  ᠪᠠᠬᠢᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠡᠦᠬᠡ ᠶᠢᠨ ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ ᠢ ᠣᠨᠣᠪᠴᠢᠲᠠᠢ ᠡᠵᠡᠮᠰᠢᠭᠦᠯᠬᠦ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯ ᠤᠨ ᠡᠷᠴᠢ ᠵᠣᠷᠢᠭ ᠢᠶᠠᠨ ᠪᠠᠷᠢᠮᠲᠠᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠣᠳᠣᠬᠠᠨ ᠤ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠡᠯ᠎ᠡ ᠵᠦᠢᠯ ᠤᠨ ᠪᠡᠷᠬᠡ ᠰᠡᠳᠦᠪ ᠢ  ᠰᠢᠢᠳᠪᠦᠷᠢᠯᠡᠬᠦ ᠠᠵᠢᠯᠯᠠᠭ᠎ᠠ ᠶᠢ ᠴᠢᠩᠭ᠎ᠠ ᠪᠥᠭᠡᠳ ᠲᠦᠷᠭᠡᠨ ᠢᠶᠠᠷ ᠠᠬᠢᠭᠤᠯᠵᠤ᠂ ᠪᠦᠭᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号