ᠱᠢ ᠵᠦᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 14 ᠳ᠋ᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/26
     11 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠱᠢ ᠵᠥᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 14 ᠳ᠋ᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠬᠠᠷᠢᠭᠤᠴᠠᠯᠭ᠎ᠠ ᠶᠢᠨ ᠲᠦᠷᠢᠮ ᠢ  ᠬᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠲᠦᠷᠢᠮ︾ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ︵ᠨᠠᠮ ᠤᠨ ᠤᠳᠤᠷᠢᠳᠬᠤ ᠳᠤᠭᠤᠶᠢᠯᠠᠩ︶ ᠤ ︽ᠭᠤᠷᠪᠠᠨ ᠴᠢᠬᠤᠯᠠ ᠨᠢᠭᠡ ᠶᠡᠭᠡ ︿ᠬᠠᠮᠲᠤ ᠶᠢᠨ  ᠰᠢᠢᠳᠪᠦᠷᠢᠳᠦ ᠪᠣᠳᠣᠯᠭ᠎ᠠ ᠲᠣᠭᠲᠠᠭᠠᠬᠤ ᠠᠵᠢᠯ ᠤᠨ ᠲᠦᠷᠢᠮ︾ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠪᠣᠯ ᠵᠠᠰᠠᠭ ᠤᠨ ᠣᠷᠳᠣᠨ ᠤ ᠠᠵᠢᠯ ᠤᠨ ᠪᠦᠬᠦ  ᠬᠦᠷᠢᠶ᠎ᠡ᠂ ᠡᠯ᠎ᠡ ᠭᠤᠭᠴᠤᠭ᠎ᠠ ᠳᠤ ᠲᠤᠤᠱᠯᠠᠭᠳᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠷᠢᠯᠢᠭ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠵᠤ ᠂ ᠲᠦᠷᠦᠭᠦᠯᠡᠨ ᠤᠯᠤᠰ ᠲᠦᠷᠦ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠰᠠᠬᠢᠯᠭ᠎ᠠ ᠪᠠᠲᠤ ᠶᠢ ᠡᠷᠬᠢᠮᠯᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠬᠢᠴᠢᠶᠡᠨ ᠴᠢᠷᠮᠠᠶᠢᠵᠤ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠦᠨᠡᠨᠬᠦ ᠰᠠᠶᠢᠨ ᠬᠤᠰᠢᠭᠤᠴᠢ ᠪᠤᠯᠵᠤ᠂ ᠰᠠᠶᠢᠲᠤᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ ᠠᠵᠢᠯ ᠤᠨ ᠲᠦᠷᠢᠮ ᠲᠣᠭᠲᠠᠭᠠᠯ ᠪᠠ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠶᠢᠨ  ᠰᠢᠢᠳᠪᠦᠷᠢᠳᠦ ᠪᠤᠳᠤᠯᠭ᠎ᠠ ᠲᠣᠭᠲᠠᠭᠠᠬᠤ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠵᠢᠷᠤᠮᠵᠢᠭᠤᠯᠤᠯᠲᠠ᠂ ᠳᠦᠷᠢᠮᠵᠢᠭᠦᠯᠦᠯᠲᠡ ᠪᠠ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号