ᠪᠤᠭᠤᠳᠦ ᠬᠤᠳᠠ ᠶᠢᠨ ᠪᠡᠶ᠎ᠡ ᠲᠠᠮᠢᠷ ᠤᠨ ᠲᠤᠪᠴᠢᠶ᠎ᠠ ᠶᠢᠨ ︽ᠪᠡᠶ᠎ᠡ ᠮᠠᠬᠠᠪᠤᠳ ᠤᠨ ᠬᠢᠨᠠᠨ ᠰᠢᠯᠭᠠᠯᠳᠠ︾  ᠶᠢ ᠬᠦᠳᠡᠭᠡ ᠬᠦᠷᠭᠡᠨ ᠰᠢᠨᠵᠢᠯᠡᠬᠦ ᠣᠬᠠᠭᠠᠨᠴᠢ ᠪᠠᠷ ᠵᠢᠯᠤᠭᠤᠳᠤᠯᠭ᠎ᠠ ᠬᠢᠵᠦ ᠡᠷᠡᠭᠦᠯ ᠮᠬᠠᠳᠦ ᠶᠢ ᠲᠤᠰᠠᠯᠠᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2021/11/30
     11 ᠰᠠᠷ᠎ᠠ ᠶᠢᠨ23 ᠤ ᠡᠳᠦᠷ ᠠᠴᠠ24 ᠤ ᠡᠳᠦᠷ ᠪᠤᠯᠳᠠᠯ᠎ᠠ᠂ ᠪᠤᠭᠤᠳᠦ ᠬᠤᠳᠠ ᠶᠢᠨ ᠪᠡᠶ᠎ᠡ ᠲᠠᠮᠢᠷ ᠤᠨ ᠲᠤᠪᠴᠢᠶ᠎ᠠ ᠶᠢᠨ ︽ᠪᠡᠶ᠎ᠡ ᠮᠠᠬᠠᠪᠤᠳ ᠤᠨ ᠬᠢᠨᠠᠨ ᠰᠢᠯᠭᠠᠯᠳᠠ︾ ᠶᠢ ᠬᠦᠳᠡᠭᠡ ᠬᠦᠷᠭᠡᠨ᠂ ᠰᠢᠨᠵᠢᠯᠡᠬᠦ ᠣᠬᠠᠭᠠᠨᠴᠢ  ᠪᠠᠷ ᠵᠢᠯᠤᠭᠤᠳᠤᠯᠭ᠎ᠠ ᠬᠢᠵᠦ ᠡᠷᠡᠭᠦᠯ ᠮᠡᠨᠳᠦ ᠶᠢ ᠲᠤᠰᠠᠯᠠᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠵᠦ᠂ ᠲᠤᠯᠠᠭᠠᠨ ᠭᠡᠷ ᠨᠡᠶᠢᠬᠡᠮ ᠲᠤᠭᠤᠷᠢᠭ ᠤᠨ ᠬᠤᠯᠪᠤᠭᠠᠯᠠᠭᠰᠠᠨ ᠨᠠᠮ ᠤᠨ ᠬᠤᠷᠢᠶᠠᠨ ᠤ ᠪᠦᠷᠢᠯᠳᠦᠭᠦᠨ ᠪᠠᠶᠢᠭᠤᠯᠭ᠎ᠠ ᠰᠤᠶᠤᠯ ᠲᠠᠮᠢᠷ ᠵᠢᠭᠤᠯᠴᠢᠯᠠᠯ ᠷᠡᠳᠢᠤ᠋ ᠲᠧᠯᠸᠢᠰ ᠤᠨ ᠲᠤᠪᠴᠢᠶ᠎ᠠ ᠲᠠᠢ ᠬᠠᠮᠳᠤᠷᠠᠨ ᠰᠦᠢᠳᠭᠡᠯ ᠦᠭᠡᠢ ᠪᠠᠷ ᠰᠠᠭᠤᠭᠠᠯᠢ ᠠᠷᠠᠳ ᠤᠨ ᠪᠡᠶ᠎ᠡ ᠮᠠᠬᠠᠪᠤᠳ ᠢ ᠬᠢᠨᠠᠨ ᠰᠢᠯᠭᠠᠬᠤ ᠠᠵᠢᠯᠯᠠᠭ᠎ᠠ ᠦᠷᠨᠢᠭᠦᠯᠪᠡ᠃
     ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠦᠭᠰᠡᠨ ᠠᠴᠠ ᠨᠠᠰᠢ᠂ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠨᠢ ᠰᠤᠷᠤᠯᠴᠠᠯᠭ᠎ᠠ ᠶᠢᠨ ᠦᠷ᠎ᠡ ᠪᠦᠳᠦᠭᠡᠯ ᠢ ᠦᠨᠡᠨᠬᠦ ᠠᠷᠠᠳ  ᠲᠦᠮᠡᠨ ᠳᠤ ᠦᠢᠯᠡᠴᠢᠯᠡᠬᠦ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠦ᠂ ᠪᠤᠳᠠᠳᠦ ᠠᠵᠢᠯᠯᠠᠭ᠎ᠠ ᠪᠠᠷ ᠢᠶᠠᠨ ᠬᠠᠷᠢᠶᠠᠳᠦ ᠤᠷᠤᠨ ᠤ ᠰᠠᠭᠤᠭᠠᠯᠢ ᠠᠷᠠᠳ ᠤᠨ ᠵᠤᠯ ᠵᠢᠷᠭᠠᠯᠳᠦ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠢ ᠲᠡᠭᠡᠭᠰᠢᠯᠡᠭᠦᠯᠵᠡᠢ᠃ ᠪᠡᠶ᠎ᠡ ᠮᠠᠬᠠᠪᠤᠳ ᠤᠨ ᠬᠢᠨᠠᠨ ᠰᠢᠯᠭᠠᠯᠳᠠ ᠪᠠᠷ ᠡᠷᠡᠭᠦᠯ ᠮᠡᠨᠳᠦ ᠶᠢ ᠬᠦᠷᠭᠡᠬᠦ ᠠᠵᠢᠯᠯᠠᠭ᠎ᠠ ᠨᠢ ᠲᠤᠯᠠᠭᠠᠨ ᠭᠡᠷ ᠨᠡᠶᠢᠭᠡᠮ ᠲᠤᠭᠤᠷᠢᠭ ᠤᠨ ᠬᠤᠯᠪᠤᠭᠠᠯᠠᠭᠰᠠᠨ ᠨᠠᠮ ᠤᠨ ᠬᠤᠷᠢᠶᠠᠨ ᠤ  ᠪᠦᠷᠢᠯᠳᠦᠭᠦᠨ ᠪᠠᠶᠢᠭᠤᠯᠭ᠎ᠠ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠶᠢᠨ ᠦᠷᠨᠢᠭᠦᠯᠦᠭᠰᠡᠨ ︽ᠪᠢ ᠤᠯᠠᠨ  ᠲᠦᠮᠡᠨ ᠳᠤ ᠪᠤᠳᠠᠳᠠᠢ ᠶᠠᠪᠤᠳᠠᠯ ᠬᠢᠵᠦ ᠦᠭᠬᠦ︾ ᠠᠵᠢᠯᠯᠠᠭ᠎ᠠ ᠶᠢᠨ ᠨᠢᠭᠡᠨ ᠴᠢᠬᠤᠯᠠ ᠠᠭᠤᠯᠭ᠎ᠠ ᠪᠤᠯᠬᠤ ᠪᠦᠬᠡᠳ ᠠᠷᠠᠳ ᠤᠨ ᠬᠦᠴᠢᠷᠳᠡᠯ ᠢ ᠰᠢᠢᠳᠪᠦᠷᠢᠯᠡᠵᠦ᠂᠂ ᠠᠷᠠᠳ ᠲᠤ ᠪᠤᠳᠠᠳᠠᠢ ᠠᠰᠢᠭ ᠬᠦᠷᠳᠡᠭᠡᠬᠦ ᠠᠵᠢᠯᠯᠠᠭ᠎ᠠ ᠪᠤᠯᠤᠨ᠎ᠠ᠃ ᠪᠡᠶ᠎ᠡ ᠮᠠᠬᠠᠪᠤᠳ ᠤᠨ ᠬᠢᠨᠠᠨ ᠰᠢᠯᠭᠠᠯᠳᠠ ᠨᠢ ᠡᠩ ᠤᠨ ᠪᠠᠶᠢᠳᠠᠯ ᠤᠨ ᠡᠮᠴᠢᠯᠡᠭᠡᠨ ᠤ ᠪᠠᠶᠢᠴᠠᠭᠠᠯᠳᠠ ᠲᠠᠢ ᠠᠳᠠᠯᠢ ᠦᠭᠡᠦ ᠪᠠᠶᠢᠵᠦ᠂ ᠭᠤᠤᠯᠳᠠᠭᠤ ᠬᠦᠮᠦᠰ ᠢ ᠬᠠᠪᠰᠤᠷᠴᠦ ᠦᠪᠡᠷ ᠤᠨ ᠪᠡᠶ᠎ᠡ ᠮᠠᠬᠠᠪᠤᠳ ᠤᠨ ᠴᠢᠨᠠᠷ ᠤᠨ ᠪᠠᠶᠢᠳᠠᠯ᠂ ᠦᠪᠡᠷ  ᠤᠨ ᠪᠡᠶ᠎ᠡ ᠮᠠᠬᠠᠪᠤᠳ ᠤᠨ ᠦᠨᠳᠦᠰᠦᠨ ᠬᠤᠪᠢᠷᠠᠯᠳᠠ ᠶᠢᠨ ᠵᠢᠮ᠎ᠡ ᠶᠤᠰᠦ ᠶᠢ ᠤᠶᠢᠯᠠᠭᠠᠭᠤᠯᠬᠤ ᠪᠠᠷ ᠵᠤᠷᠢᠯᠭ᠎ᠠ ᠪᠠᠨ ᠪᠤᠯᠭᠠᠵᠦ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠠᠯ ᠢ ᠦᠨᠳᠦᠰᠦᠯᠡᠨ ᠪᠡᠶ᠎ᠡ ᠶᠢᠨ ᠦᠨᠳᠦᠷ᠂ ᠪᠡᠶ᠎ᠡ ᠶᠢᠨ ᠬᠦᠨᠳᠦ᠂ ᠠᠭᠤᠰᠬᠢᠨ ᠤ ᠠᠮᠢᠰᠬᠤᠯ ᠤᠨ ᠪᠠᠭᠳᠠᠭᠠᠮᠵᠢ ᠵᠡᠷᠭᠡ ᠤᠯᠠᠨ ᠲᠦᠷᠦᠯ ᠤᠨ ᠪᠠᠶᠢᠴᠠᠭᠠᠯᠳᠠ  ᠬᠢᠳᠡᠭ᠃ ᠪᠠᠶᠢᠴᠠᠭᠠᠯᠳᠠ ᠶᠢᠨ ᠲᠠᠷᠠᠭ᠎ᠠ ᠪᠡᠶ᠎ᠡ ᠮᠠᠬᠠᠪᠤᠳ ᠤᠨ ᠬᠢᠨᠠᠨ ᠰᠢᠯᠭᠠᠯᠳᠠ ᠶᠢᠨ ᠠᠵᠢᠯᠳᠠᠨ ᠬᠢᠨᠠᠨ ᠰᠢᠯᠭᠠᠵᠦ ᠭᠠᠷᠭᠠᠭᠰᠠᠨ ᠡᠯ᠎ᠡ ᠵᠦᠢᠯ ᠤᠨ ᠲᠤᠭ᠎ᠠ ᠪᠠᠷᠢᠮᠳᠠ ᠶᠢ ᠦᠨᠳᠦᠰᠦᠯᠡᠨ ᠪᠡᠶ᠎ᠡ ᠮᠠᠬᠠᠪᠤᠳ ᠤᠨ ᠬᠢᠨᠠᠨ ᠰᠢᠯᠭᠠᠭᠤᠯᠤᠭᠰᠠᠳ ᠲᠤ ᠬᠤᠪᠢ ᠬᠦᠮᠦᠨ ᠤ ᠪᠡᠶ᠎ᠡ ᠮᠠᠬᠠᠪᠤᠳ ᠤᠨ ᠬᠢᠨᠠᠨ ᠰᠢᠯᠭᠠᠯᠳᠠ ᠶᠢᠨ ᠮᠡᠳᠡᠭᠦᠯᠦᠯᠳᠡ ᠶᠢ ᠦᠭᠬᠦ  ᠶᠢᠨ ᠬᠠᠮᠳᠦ  ᠪᠡᠶ᠎ᠡ ᠮᠠᠬᠠᠪᠤᠳ ᠤᠨ ᠬᠢᠨᠠᠨ ᠰᠢᠯᠭᠠᠯᠳᠠ ᠶᠢᠨ ᠦᠷ᠎ᠡ ᠳ᠋ᠦᠩ ᠳᠤ ᠴᠢᠭᠯᠡᠭᠦᠯᠦᠨ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠡᠶ᠎ᠡ ᠴᠢᠬᠢᠷᠠᠭᠵᠢᠭᠤᠯᠬᠤ ᠲᠠᠮᠢᠷ ᠪᠠ ᠵᠢᠯᠭᠤᠳᠤᠯᠭ᠎ᠠ ᠦᠭᠬᠦ ᠶᠢᠨ ᠬᠠᠮᠳᠦ ᠰᠠᠭᠤᠭᠠᠯ ᠮᠡᠳᠡᠯᠭᠡ ᠶᠢ ᠵᠢᠭᠠᠵᠦ᠂ ᠲᠤᠬᠠᠢ ᠶᠢᠨ ᠲᠠᠯᠠᠪᠠᠢ ᠳᠤ ᠲᠠᠭᠠᠭᠤᠯᠤᠨ ᠪᠤᠯᠪᠠᠰᠤᠷᠠᠯ ᠬᠢᠯᠭᠡᠭᠰᠡᠨ ᠪᠠᠶᠢᠨ᠎ᠠ᠃
     ᠲᠤᠰ ᠤᠳᠠᠭᠠᠨ ᠤ ᠠᠵᠢᠯᠯᠠᠭ᠎ᠠ ᠳᠤ ᠪᠠᠰᠠ ᠪᠡᠶ᠎ᠡ ᠮᠠᠬᠠᠪᠤᠳ ᠤᠨ ᠬᠢᠨᠠᠨ ᠰᠢᠯᠭᠠᠯᠳᠠ ᠶᠢᠨ ᠠᠵᠢᠯᠳᠠᠨ ᠪᠤᠯᠤᠨ ᠰᠠᠶᠢᠨ ᠲᠤᠷ᠎ᠠ ᠶᠢᠨ ᠦᠢᠯᠡᠴᠢᠯᠡᠭᠴᠢ ᠠᠴᠠ ᠰᠠᠭᠤᠭᠠᠯᠢ ᠠᠷᠠᠳ ᠲᠤ ᠪᠡᠶ᠎ᠡ ᠮᠠᠬᠠᠪᠤᠳ᠂ ᠪᠡᠶ᠎ᠡ ᠴᠢᠬᠢᠷᠠᠭᠵᠢᠭᠤᠯᠬᠤ ᠵᠡᠷᠭᠡ ᠲᠠᠯ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠲᠠᠶᠢᠯᠪᠦᠷᠢᠯᠡᠨ᠂ ᠲᠡᠳᠡᠨ ᠳᠤ ᠦᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠶᠢ ᠨᠢ ᠤᠶᠢᠯᠠᠭᠠᠭᠤᠯᠵᠦ᠂ ᠨᠢᠭᠤᠭᠳᠠᠵᠦ ᠪᠠᠶᠢᠭ᠎ᠠ ᠡᠪᠡᠳᠴᠢᠨ ᠡᠮᠬᠡᠭ ᠢ   ᠨᠢ ᠡᠷᠳᠡ ᠢᠯᠡᠷᠡᠭᠦᠯᠵᠦ᠂ ᠲᠡᠳᠡᠨᠤᠰ ᠢ ᠡᠷᠳᠡ ᠤᠷᠢᠳᠴᠢᠯᠠᠨ ᠰᠡᠷᠭᠡᠶᠢᠯᠡᠵᠦ᠂ ᠡᠷᠳᠡ ᠡᠮᠨᠡᠨ ᠵᠠᠰᠠᠭᠤᠯᠬᠤ ᠶᠢ ᠰᠠᠨᠠᠭᠤᠯᠵᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号