ᠰᠤᠶᠤᠯ ᠤᠨ ᠵᠢᠳᠭᠦᠯᠳᠡᠨ᠂ ᠢᠷᠠᠭᠤ ᠨᠠᠶᠢᠷᠠᠭᠴᠢ — ᠭᠠᠯᠰᠠᠩᠳᠠᠨᠽᠠᠨ ᠤ ᠭᠠᠩᠳᠠᠮᠦᠷ
ᠨᠡᠶᠢᠲᠡᠯᠡᠭᠰᠡᠨ ᠴᠠᠭ᠄
2021/12/14
     1962 ᠤᠨ ᠤ1 ᠰᠠᠷ᠎ᠠ ᠶᠢᠨ18 ︵ᠴᠠᠭᠠᠭᠴᠢᠨ ᠦᠬᠡᠷ ᠵᠢᠯ ᠤᠨ ᠡᠪᠦᠯ︶ ᠤᠤᠯ ᠤᠨ ᠬᠠᠯᠠᠬ᠎ᠠ ᠪᠠᠷᠠᠭᠤᠨ ᠭᠠᠷᠤᠨ ᠵᠠᠰᠠᠭ ᠲᠦᠷᠦ ᠶᠢᠨ ᠲᠠᠷᠬᠠᠨ ᠪᠡᠶᠢᠯᠡ ᠶᠢᠨ ᠬᠤᠰᠢᠭᠤᠨ ᠤ ᠬᠦᠩ ᠤᠨ ᠰᠤᠮᠤ᠂ ᠤᠳᠤ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠤᠯ ᠤᠨ ᠲᠦᠭᠦᠷᠡᠩ ᠤᠪᠤᠭ᠎ᠠ ᠰᠤᠮᠤᠨ ᠤ ᠤᠯᠠᠭᠠᠨᠴᠠᠪ ᠭᠠᠴᠠᠭᠠᠨ ᠤ ᠨᠤᠳᠤᠭ ᠲᠤ ᠠᠳᠤᠭᠤᠴᠢᠨ ᠭᠠᠯᠰᠠᠩᠳᠠᠨᠽᠠᠨ ᠤ ᠬᠦᠪᠡᠬᠦᠨ ᠪᠤᠯᠤᠨ  ᠵᠠᠶᠠᠭᠠᠵᠠᠢ᠃
     ᠲᠦᠷᠦᠯᠬᠢ ᠤᠢ ᠰᠡᠷᠭᠦᠯᠡᠩ᠂ ᠪᠠᠭ᠎ᠠ ᠠᠴᠠ ᠪᠠᠨ ᠰᠤᠷᠬᠤ  ᠲᠤᠷᠠᠳᠠᠢ ᠲᠠᠷᠠᠪᠠᠷ1972 ᠤᠨ ᠳᠤ ᠰᠤᠷᠭᠠᠭᠤᠯᠢ ᠰᠤᠶᠤᠯ ᠤᠨ ᠮᠦᠷ ᠮᠦᠷᠳᠡᠭᠰᠡᠨ ᠠᠴᠠ ᠪᠠᠨ ᠰᠠᠶᠢᠳᠤᠷ ᠰᠤᠷᠴᠦ᠂ ᠨᠤᠮ ᠪᠢᠴᠢᠭ ᠲᠠᠢ ᠬᠠᠨᠢᠰᠤᠨ᠂1982 ᠤᠨ ᠳᠤ ᠤᠯᠠᠭᠠᠨᠴᠠᠪ ᠠᠶᠢᠮᠠᠭ ᠤᠨ ᠦᠨᠳᠦᠰᠦᠳᠡᠨ ᠤ ᠪᠠᠭᠰᠢ ᠶᠢᠨ ᠰᠤᠷᠭᠠᠭᠤᠯᠢ ᠠᠴᠠ ᠰᠢᠯᠢᠳᠡᠭ ᠬᠢᠷᠢ ᠪᠦᠳᠦᠮᠵᠢ ᠪᠠᠷ  ᠲᠡᠭᠦᠰᠴᠠᠢ᠃1980 ᠤᠨ ᠤ ᠡᠪᠦᠯ ︽ᠤᠯᠠᠭᠠᠨᠴᠠᠪ ᠤᠨ ᠰᠤᠨᠢᠨ︾ ᠳᠤ ᠠᠩᠬᠠᠨ ᠤ ᠰᠢᠯᠦᠭ ︽ᠬᠦᠳᠡᠭᠡ   ᠶᠢᠨ ᠡᠪᠦᠯ︾  ᠢᠶᠠᠨ ᠨᠡᠶᠢᠳᠡᠯᠡᠭᠦᠯᠦᠭᠰᠡᠨ ᠠᠴᠠ ᠠᠪᠤᠭᠠᠳ ᠲᠠᠪᠤᠨ ᠵᠠᠭᠤ ᠭᠠᠷᠤᠢ ᠰᠢᠯᠦᠭ ᠪᠤᠶᠤ ᠪᠤᠰᠤᠳ ᠲᠦᠷᠦᠯ ᠤᠨ ᠵᠤᠬᠢᠶᠠᠯ ᠪᠦᠳᠦᠭᠡᠯ ᠢᠶᠠᠨ ᠰᠤᠨᠢᠨ ᠰᠡᠳᠭᠦᠯ ᠳᠤ ᠨᠡᠶᠢᠳᠡᠯᠡᠭᠦᠯᠵᠦ᠂ ︽ᠡᠬᠡ ᠶᠢᠨ ᠰᠡᠳᠬᠢᠯ︾ ︽ᠨᠠᠶᠢᠷᠠᠭ ᠬᠦᠯᠦᠭᠯᠡᠭᠰᠡᠨ ᠮᠤᠩᠭᠤᠯ ᠮᠤᠷᠢ︾ ︽ᠵᠤᠨ ᠤ ᠤᠷᠤᠢ ᠵᠤᠯᠳᠠᠶᠢᠬᠠᠨ︾ ᠵᠡᠷᠭᠡ ᠰᠤᠳᠤᠨ ᠪᠦᠳᠦᠭᠡᠯ ᠢᠶᠠᠷ ᠢᠶᠠᠨ ᠤᠩᠰᠢᠭᠴᠢ ᠤᠯᠠᠨ  ᠤ ᠪᠠᠨ ᠰᠠᠶᠢᠰᠢᠶᠠᠯ ᠲᠠᠭᠠᠰᠢᠶᠠᠯ ᠢ ᠬᠦᠷᠳᠡᠵᠦ ᠶᠠᠪᠤᠭᠰᠠᠨ ᠪᠦᠭᠡᠳ ︽ᠬᠤᠷᠤᠮᠬᠠᠨ ᠵᠠᠭᠤᠷ᠎ᠠ︾ ᠬᠡᠮᠡᠬᠦ ᠰᠢᠯᠦᠭ  ᠨᠢ1986 ᠤᠨ ᠤ ︽ᠦᠨᠢᠷ ᠴᠡᠴᠡᠭ︾ ᠰᠡᠳᠭᠦᠯ ᠤᠨ ᠡᠬᠢᠨ ᠤ ᠬᠠᠭᠤᠳᠠᠰᠤᠨ᠎ᠠ ᠨᠡᠷ᠎ᠡ ᠪᠠᠨ ᠪᠢᠴᠢᠭᠦᠯᠵᠦ᠂ ᠦᠨᠳᠦᠷ ᠦᠨᠡᠯᠡᠬᠦᠯᠵᠦ ᠪᠠᠶᠢᠭᠰᠠᠨ ᠶᠤᠮ᠃      ᠲᠡᠷᠡ ᠪᠠᠰᠠ ᠬᠤᠶᠠᠷ ᠮᠢᠩᠭ᠎ᠠ ᠭᠠᠷᠤᠢ ᠰᠤᠨᠢᠨ ᠮᠡᠳᠡᠭᠡᠨ ᠤ ᠡᠬᠡ ᠪᠢᠴᠢᠭ᠂ ᠮᠢᠩᠭ᠎ᠠ ᠭᠠᠷᠤᠢ  ᠰᠤᠨᠢᠨ ᠮᠡᠳᠡᠭᠡᠨ ᠤ ᠭᠡᠷᠡᠯ ᠵᠢᠷᠤᠭ᠂ ᠮᠢᠩᠭ᠎ᠠ ᠲᠠᠪᠤᠨ ᠵᠠᠭᠤ ᠢᠯᠡᠭᠦᠦ ᠤᠷᠠᠯᠢᠭ ᠭᠡᠷᠡᠯ ᠵᠢᠷᠤᠭ ᠤᠨ ᠪᠦᠳᠦᠭᠡᠯ ᠲᠠᠢ ᠤᠯᠤᠰ ᠤᠷᠤᠨ ᠤ ᠬᠡᠪᠴᠢᠶᠡᠨ ᠤ ᠠᠯᠳᠠᠷ ᠴᠤᠤᠳᠦ ᠰᠤᠷᠪᠤᠯᠵᠢᠯᠠᠭᠴᠢ᠂ ᠭᠡᠷᠡᠯ ᠵᠢᠷᠤᠭᠴᠢᠨ ᠪᠢᠯᠡ᠃
     1998 ᠤᠨ ᠳᠤ ᠦᠪᠡᠷ ᠤᠨ ᠰᠢᠯᠦᠭ ᠤᠨ ᠲᠡᠭᠦᠪᠦᠷᠢ ︽ᠵᠢᠷᠦᠬᠡᠨ ᠤ ᠠᠶᠢᠵᠠᠮ︾ ᠢᠶᠠᠨ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶᠠᠨ ᠠᠴᠠ ᠬᠡᠪᠯᠡᠭᠦᠯᠵᠦ᠂1999 ᠣᠨ ᠳᠤ ᠡᠨᠡᠬᠦ ᠰᠢᠯᠦᠭ ᠤᠨ ᠲᠡᠭᠦᠪᠦᠷᠢ ᠨᠢ ᠪᠤᠭᠤᠳᠦ ᠬᠤᠳᠠ ᠶᠢᠨ ︽ᠲᠠᠪᠦ‍ ᠨᠢᠭᠡ ᠢᠨᠵᠧᠨᠧᠷᠢᠩ︾ ᠤᠨ ᠱᠠᠩᠨᠠᠯ ᠢ ᠬᠦᠷᠳᠡᠭᠰᠡᠨ ᠪᠠᠶᠢᠨ᠎ᠠ᠃ ᠲᠡᠭᠦᠨ ᠤ ᠡᠷᠬᠢᠯᠡᠨ ᠨᠠᠶᠢᠷᠠᠭᠤᠯᠤᠭᠰᠠᠨ ︽ᠲᠠᠷᠬᠠᠨ ᠮᠤᠤᠮᠢᠩᠭᠠᠨ ᠤ ᠠᠮᠠᠨ ᠦᠯᠢᠭᠡᠷ︾ ᠬᠡᠮᠡᠬᠦ ᠨᠤᠮ ᠨᠢ ᠮᠠᠰᠢ ᠦᠷᠭᠡᠨ ᠬᠡᠪᠴᠢᠶ᠎ᠡ ᠪᠠᠷ ᠲᠠᠷᠬᠠᠵᠦ᠂ ᠤᠩᠰᠢᠭᠴᠢ ᠲᠦᠮᠡᠨ ᠤ ᠬᠦᠷᠢᠶᠡᠯᠡᠯ ᠬᠦᠨᠳᠦᠳᠭᠡᠯ ᠢ ᠬᠦᠯᠢᠶᠡᠭᠰᠡᠨ ᠪᠠᠶᠢᠳᠠᠭ᠃ ᠲᠡᠷᠡ2006 ᠤᠨ ᠳᠤ ᠮᠤᠩᠭᠤᠯ ᠤᠯᠤᠰ ᠤᠨ ᠨᠡᠶᠢᠰᠯᠡᠯ ᠤᠯᠠᠭᠠᠨᠪᠠᠭᠠᠳᠤᠷ ᠬᠤᠳᠠᠨ᠎ᠠ ᠪᠤᠯᠤᠭᠰᠠᠨ ᠲᠡᠯᠡᠬᠡᠢ ᠶᠢᠨ ᠢᠷᠠᠭᠤ ᠨᠠᠶᠢᠷᠠᠭᠴᠢᠳ ᠤᠨ26 ᠳᠤᠭᠠᠷ ᠶᠡᠭᠡ ᠬᠤᠷᠠᠯ ᠳᠤ ᠲᠦᠯᠦᠭᠡᠯᠡᠭᠴᠢ ᠪᠠᠷ ᠤᠷᠢᠭᠳᠠᠨ ᠤᠷᠤᠯᠴᠠᠵᠦ᠂ ᠮᠤᠩᠭᠤᠯ ᠤᠯᠤᠰ ᠤᠨ ᠶᠡᠷᠤᠩᠬᠡᠶᠢᠯᠡᠭᠴᠢ ᠨᠠᠮᠪᠠᠷ ᠤᠨ ᠡᠩᠬᠡᠪᠠᠶᠠᠷ ᠲᠠᠢ ᠵᠤᠯᠭᠠᠵᠦ᠂2019 ᠤᠨ ᠤ ᠨᠠᠮᠤᠷ ᠤᠷᠤᠰ  ᠤᠨ ᠬᠤᠯᠪᠤᠭᠠᠨ ᠤ ᠪᠦᠷᠢᠶᠡᠳ ᠤᠯᠤᠰ ᠲᠤ ᠵᠠᠯᠠᠭᠳᠠᠨ ᠪᠠᠭᠰᠢᠯᠠᠵᠦ᠂ ᠲᠡᠨᠳᠡᠬᠢ ᠶᠢᠨ ᠶᠡᠷᠦᠩᠬᠡᠶᠢᠯᠡᠭᠴᠢ ᠶᠢᠨ ᠠᠭᠤᠯᠵᠠᠯᠳᠠ ᠶᠢ ᠬᠦᠯᠢᠶᠡᠨ ᠭᠠᠷ ᠠᠳᠬᠤᠨ ᠵᠤᠯᠭᠠᠭᠰᠠᠨ ᠪᠢᠯᠡ᠃      ᠨᠢᠭᠡᠨ ᠨᠠᠰᠤ ᠪᠠᠷ ᠢᠶᠠᠨ ᠰᠤᠶᠤᠯ ᠤᠨ ᠦᠢᠯᠡᠰ ᠲᠤ ᠵᠢᠳᠭᠦᠨ ᠴᠢᠷᠮᠠᠶᠢᠵᠦ ᠶᠠᠪᠤᠭᠰᠠᠨ ᠭᠠᠩᠳᠡᠮᠦᠷ ᠭᠤᠸᠠᠢ ᠪᠠᠭᠰᠢ᠂ ᠰᠤᠷᠪᠤᠯᠵᠢᠯᠠᠭᠴᠢ᠂ ᠺᠠᠳ᠋ᠷ᠂ ᠤᠳᠤᠷᠢᠳᠤᠯᠭ᠎ᠠ ᠵᠡᠷᠭᠡ ᠠᠵᠢᠯ ᠤᠨ ᠪᠠᠶᠢᠷᠢ ᠪᠠᠷ ᠬᠢᠯᠠᠯᠵᠠᠵᠦ ᠶᠠᠪᠤᠭᠰᠠᠨ᠎ᠠ2020 ᠤᠨ ᠤ9 ᠰᠠᠷ᠎ᠠ ᠶᠢᠨ12 ᠤ ᠡᠳᠦᠷ᠂ ᠲᠦᠷᠭᠡᠨ ᠴᠢᠨᠠᠷ ᠲᠠᠢ ᠵᠢᠷᠦᠬᠡᠨ ᠡᠪᠡᠳᠴᠢᠨ ᠢᠶᠠᠷ ᠶᠢᠷᠳᠢᠨᠴᠦ ᠶᠢᠨ ᠮᠦᠩᠭᠡ ᠪᠤᠰᠤ ᠶᠢ ᠦᠵᠡᠭᠦᠯᠵᠦ᠂ ᠪᠢᠳᠡᠨ ᠠᠴᠠ ᠦᠨᠢᠳᠡ ᠬᠠᠭᠠᠴᠠᠵᠦ ᠪᠢᠯᠡ᠃      ᠲᠡᠷᠡ᠂ ᠲᠤᠮᠳᠠᠳᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠵᠤᠬᠢᠶᠠᠯᠴᠢᠳ ᠤᠨ ᠡᠪᠯᠡᠯ ᠤᠨ ᠬᠡᠰᠢᠬᠦᠨ᠂ ᠲᠤᠮᠳᠠᠳᠦ ᠤᠯᠤᠰ ᠤᠨ ᠴᠦᠬᠡᠨ ᠲᠤᠭᠠᠳᠦ ᠦᠨᠳᠦᠰᠦᠳᠡᠨ   ᠤ ᠵᠤᠬᠢᠶᠠᠯᠴᠢᠳ ᠤᠷᠠᠯᠢᠭᠴᠢᠳ ᠤᠨ ᠨᠡᠶᠢᠭᠡᠮᠯᠢᠭ ᠤᠨ ᠬᠡᠰᠢᠬᠦᠨ᠂ ᠦᠪᠦᠷ ᠮᠤᠩᠭᠤᠯ ᠤᠨ ᠵᠤᠬᠢᠶᠠᠯᠴᠢᠳ ᠤᠨ ᠡᠪᠯᠡᠯ ᠤᠨ ᠬᠡᠰᠢᠬᠦᠨ᠂ ᠦᠪᠦᠷ ᠮᠤᠩᠭᠤᠯ  ᠤᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠰᠢᠬᠦᠨ᠂ ᠪᠤᠭᠤᠳᠦ ᠬᠤᠳᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠡᠷᠬᠢᠯᠡᠭᠴᠢ᠂ ᠪᠤᠭᠤᠳᠦ ᠬᠤᠳᠠ ᠶᠢᠨ ᠤᠷᠠᠯᠢᠭ ᠭᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠰᠢᠬᠦᠨ ᠂ ᠦᠪᠦᠷ ᠮᠤᠩᠭᠤᠯ ᠤᠨ ᠬᠠᠰᠠᠷ ᠰᠤᠳᠤᠯᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠲᠠᠷᠤᠭ᠎ᠠ ᠵᠡᠷᠭᠡ ᠨᠡᠶᠢᠬᠡᠮ ᠤᠨ ᠲᠤᠰᠢᠶᠠᠯ ᠢ ᠡᠭᠦᠷᠭᠡᠯᠡᠵᠦ ᠪᠠᠶᠢᠭᠰᠠᠨ ᠪᠦᠭᠡᠳ ︽ᠲᠡᠯᠡᠬᠡᠢ ᠶᠢᠨ ᠰᠢᠯᠢᠳᠡᠭ ᠲᠤᠰᠬᠠᠢ ᠮᠡᠷᠭᠡᠵᠢᠯᠳᠡᠨ ᠴᠢᠳᠠᠪᠦᠷᠢᠳᠠᠨ ᠤ ᠨᠡᠷᠡᠰ ᠤᠨ ᠲᠤᠯᠢ︾ ︽ᠲᠤᠮᠳᠠᠳᠦ ᠤᠯᠤᠰ ᠤᠨ ᠲᠤᠰᠬᠠᠢ ᠮᠡᠷᠭᠡᠵᠢᠯᠳᠡᠨ ᠴᠢᠳᠠᠪᠦᠷᠢᠳᠠᠨ ᠤ ᠬᠦᠮᠦᠷᠭᠡ︾ ᠵᠡᠷᠭᠡ ᠲᠦᠷᠪᠡᠨ ᠶᠡᠭᠡ ᠲᠤᠮᠤ ᠲᠤᠮᠤ ᠲᠡᠥᠬᠡ ᠶᠢᠨ ᠰᠤᠳᠤᠷ ᠲᠤ ᠠᠯᠳᠠᠷ ᠢᠶᠠᠨ ᠲᠡᠮᠳᠡᠭᠯᠡᠭᠭᠦᠯᠦᠭᠰᠡᠨ ᠠᠪᠢᠶᠠᠰ ᠪᠢᠯᠢᠭᠳᠡᠨ᠂ ᠠᠯᠳᠠᠷᠳᠦ ᠪᠦᠳᠦᠭᠡᠯᠴᠢ᠂ ᠢᠷᠠᠭᠤ ᠨᠠᠶᠢᠷᠠᠭᠴᠢ᠂ ᠰᠤᠶᠤᠯ ᠤᠨ ᠵᠢᠳᠭᠦᠯᠳᠡᠨ ᠠᠭᠰᠠᠨ ᠪᠢᠯᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号