︽ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ 2021 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢᠨ ᠬᠡᠷᠡᠭᠵᠢᠭᠦᠯᠬᠦ ᠲᠥᠰᠦᠯ︾
ᠨᠡᠶᠢᠲᠡᠯᠡᠭᠰᠡᠨ ᠴᠠᠭ᠄
2021/12/16
     ᠣᠶᠢᠷ᠎ᠠ ᠳᠤ᠂  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ︽ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠮᠡᠳᠡᠭᠳᠡᠯ ︵ᠲᠠᠷᠢᠶᠠᠯᠠᠩ ᠮᠠᠯ ᠠᠵᠤ ᠠᠬᠤᠶ ᠶᠢᠨ ᠳᠤᠭᠤᠶᠢᠯᠠᠩ ᠲᠠᠷᠬᠠᠭᠠᠭᠰᠠᠨ ︹ 2021 ︺ 5 ᠳ᠋ᠤᠭᠠᠷ ᠲᠣᠭᠠᠲᠤ︶᠂ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶᠂ ᠡᠳᠦᠭᠡ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ᠂ ᠭᠤᠤᠯ ᠠᠭᠤᠯᠭ᠎ᠠ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢᠨ ᠲᠤᠬᠠᠶ ᠲᠠᠶᠢᠯᠤᠮᠵᠢ ᠬᠢᠪᠠ᠃      ᠨᠢᠭᠡ᠂ ᠨᠡᠶᠢᠲᠡᠯᠡᠭᠰᠡᠨ ᠠᠬᠤᠶ ᠪᠠᠶᠢᠳᠠᠯ      2017 ᠣᠨ ᠤ 11 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠵᠣᠷᠯᠣᠩ ᠤᠨ ᠬᠤᠪᠢᠰᠬᠠᠯ ᠤᠨ ᠠᠰᠠᠭᠤᠳᠠᠯ ᠪᠣᠯ ᠪᠠᠭ᠎ᠠ ᠶᠠᠪᠤᠳᠠᠯ ᠪᠢᠰᠢ᠂ ᠬᠤᠳᠠ ᠬᠥᠳᠡᠭᠡ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠲᠠᠯ᠎ᠠ ᠪᠣᠯᠤᠨ᠎ᠠ᠂ ᠦᠵᠡᠮᠵᠢ ᠶᠢᠨ ᠣᠷᠣᠨ᠂ ᠬᠤᠳᠠ ᠶᠢᠨ ᠬᠢᠨ ᠠᠳᠬᠤᠬᠤ ᠪᠠᠷ ᠪᠠᠷᠠᠬᠤ ᠦᠭᠡᠢ ᠬᠥᠳᠡᠭᠡ ᠲᠣᠰᠬᠤᠨ ᠤ ᠬᠢᠨ ᠴᠦ ᠠᠳᠬᠤᠵᠤ᠂ ᠲᠡᠭᠦᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠨᠢᠭᠡ ᠵᠦᠢᠯ ᠤᠨ ᠪᠣᠳᠠᠲᠠᠢ ᠠᠵᠢᠯ ᠪᠣᠯᠭᠠᠨ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠡᠨᠡᠬᠦ ᠳᠤᠲᠠᠭᠤᠳᠠᠯ ᠢ ᠴᠢᠷᠮᠠᠶᠢᠨ ᠨᠥᠬᠦᠪᠥᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠵᠣᠷᠯᠣᠩ ᠨᠢ ᠶᠡᠭᠡ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠪᠠᠭ᠎ᠠ ᠣᠷᠣᠨ ᠵᠠᠢ ᠨᠢ ᠶᠡᠭᠡ ᠪᠣᠯᠪᠠᠰᠤᠨ ᠢ ᠢᠯᠡᠷᠡᠭᠦᠯᠦᠨ᠎ᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 2019 ᠣᠨ ᠳᠤ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠲᠤᠷᠰᠢᠯᠲᠠ ᠶᠢᠨ ᠴᠢᠬ ᠤᠨ ᠪᠥᠲᠥᠭᠡᠨ ᠪᠠᠶᠢᠭᠤᠯᠤᠯᠲᠠ ᠳᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠨᠡᠶᠢᠲᠡ 1853 ᠡᠷᠦᠬᠡ ᠶᠢᠨ ᠵᠣᠷᠯᠣᠩ ᠢ ᠪᠠᠶᠢᠭᠤᠯᠵᠤ ᠳᠠᠭᠤᠰᠬᠠᠪᠠ ︵ᠡᠭᠦᠨ ᠳᠤ᠄ ᠤᠰᠤ ᠪᠠᠷ ᠤᠬᠢᠶᠠᠬᠤ ᠮᠠᠶ᠋ᠢᠭ ᠤᠨ 1783 ᠡᠷᠦᠬᠡ᠂ ᠮᠢᠺᠷᠣᠪ ᠢ ᠵᠠᠳᠠᠷᠠᠭᠤᠯᠬᠤ ᠪᠠ ᠤᠬᠢᠶᠠᠬᠤ ᠥᠬᠡᠶ ᠪᠠᠷ ᠤᠬᠢᠶᠠᠬᠤ 70 ᠡᠷᠦᠬᠡ︶᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠳᠤ ᠡᠳᠦᠶ ᠲᠡᠳᠦᠶ ᠲᠤᠷᠰᠢᠯᠭ᠎ᠠ ᠪᠠ ᠠᠷᠭ᠎ᠠ ᠬᠡᠮᠵᠢᠶ᠎ᠡ ᠶᠢ ᠰᠦᠪᠡᠭᠴᠢᠯᠡᠨ ᠬᠤᠷᠠᠮᠳᠤᠭᠤᠯᠵᠤ᠂ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃      ᠰᠢ ᠶᠢᠨ ᠫᠢᠩ ᠶᠡᠷᠦᠩᠬᠡᠶ ᠱᠦᠵᠢ ᠶᠢᠨ ︽ᠵᠣᠷᠯᠣᠩ ᠤᠨ ᠬᠤᠪᠢᠰᠬᠠᠯ︾ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠵᠤ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠠᠨ ᠤ ᠬᠤᠰᠢᠭᠤᠨ ᠤ ᠲᠤᠷᠰᠢᠯᠲᠠ ᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠡᠷᠡᠭᠵᠢᠭᠦᠯᠬᠦ ᠠᠷᠭ᠎ᠠ︾ ᠶᠢ ᠲᠤᠭᠤᠷᠪᠢᠭᠰᠠᠨ ᠪᠠᠶᠢᠨ᠎ᠠ᠃ 2021 ᠣᠨ ᠤ 8 ᠰᠠᠷ᠎ᠠ ᠶᠢᠨ 15 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠣᠷᠳᠣᠨ ᠤ 86 ᠳ᠋ᠤᠭᠠᠷ ᠤᠳᠠᠭ᠎ᠠ ᠶᠢᠨ ᠲᠤᠰᠬᠠᠶ ᠰᠡᠳᠦᠪᠲᠦ ᠬᠤᠷᠠᠯ ᠠᠴᠠ ︽ᠬᠡᠷᠡᠭᠵᠢᠭᠦᠯᠬᠦ ᠠᠷᠭ᠎ᠠ︾ ᠶᠢ ᠬᠢᠨᠠᠨ ᠪᠠᠲᠤᠯᠠᠵᠤ᠂ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠨᠠᠭᠤᠯᠭ᠎ᠠ ᠶᠢ ᠤᠯᠠᠮ ᠨᠢᠭᠡ ᠠᠯᠬᠤᠮ ᠬᠤᠷᠢᠶᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠬᠤᠰᠢᠭᠤᠨ ᠤ ᠨᠠᠮ ᠤᠨ ᠬᠤᠷᠢᠶ᠎ᠠ ᠳᠤ ᠮᠡᠳᠡᠭᠦᠯᠵᠦ ᠬᠢᠨᠠᠨ ᠲᠣᠭᠲᠠᠭᠠᠯᠭᠠᠪᠠ᠃ 2021 ᠣᠨ ᠤ 8 ᠰᠠᠷ᠎ᠠ ᠶᠢᠨ 18 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ︽ᠬᠡᠷᠡᠭᠵᠢᠭᠦᠯᠬᠦ ᠠᠷᠭ᠎ᠠ︾ ᠶᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ ᠬᠡᠷᠡᠭᠵᠢᠭᠦᠯᠬᠦ ᠪᠠ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠪᠠᠷ ᠳᠡᠮᠵᠢᠨ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠠᠬᠢᠭᠤᠯᠬᠤ ᠨᠢ ᠯᠠᠪᠲᠠᠶ ᠶᠤᠮ᠃      ᠬᠤᠶᠠᠷ᠂ ᠲᠣᠭᠲᠠᠭᠠᠬᠤ ᠦᠨᠳᠦᠰᠦᠯᠡᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2018 — 2020 ᠣᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠷᠪᠠᠨ ᠵᠢᠯ ᠤᠨ ᠬᠡᠷᠡᠭᠵᠢᠭᠦᠯᠬᠦ ᠲᠥᠰᠦᠯ ︵2018 — 2020 ᠣᠨ︶︾᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠵᠡᠷᠭᠡ 8 ᠰᠠᠯᠠᠭ᠎ᠠ ᠮᠥᠴᠢᠷ ᠤᠨ ︽ᠮᠠᠯᠵᠢᠬᠤ ᠲᠠᠷᠢᠶᠠᠯᠠᠬᠤ ᠣᠷᠣᠨ ᠤ ︿ᠵᠣᠷᠯᠣᠩ ᠤᠨ ᠬᠤᠪᠢᠰᠬᠠᠯ﹀ ᠤᠨ ᠲᠤᠰᠬᠠᠶ ᠠᠵᠢᠯᠯᠠᠭ᠎ᠠ ᠶᠢ ᠳᠥᠯᠭᠢᠨ ᠠᠬᠢᠭᠤᠯᠬᠤ ᠲᠤᠬᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ︾ ︵ᠥᠪᠥᠷ ᠨᠠᠮ ᠮᠠᠯᠵᠢᠬᠤ ᠲᠠᠷᠢᠶᠠᠯᠠᠬᠤ ᠣᠷᠣᠨ ᠠᠯᠪᠠᠨ ᠲᠠᠷᠬᠠᠭᠠᠭᠰᠠᠨ ︹ 2019 ︺ 7 ᠳ᠋ᠤᠭᠠᠷ ᠲᠣᠭᠠᠲᠤ︶ ᠢ ᠦᠨᠳᠦᠰᠦᠯᠡᠪᠡᠯ᠂ ᠵᠢᠴᠢ ︽ᠪᠤᠭᠤᠲᠤ ᠬᠤᠲᠠ ᠶᠢᠨ 2021 ᠣᠨ ᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠠᠵᠢᠯ ᠤᠨ ᠲᠤᠰᠬᠠᠶ ᠵᠦᠶ᠋ᠯ ᠤᠨ ᠬᠡᠷᠡᠭᠵᠢᠭᠦᠯᠬᠦ ᠲᠥᠰᠦᠯ︾᠂ ︽ᠪᠤᠭᠤᠲᠤ ᠬᠤᠲᠠ ᠶᠢᠨ 2021 ᠣᠨ ᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠠᠵᠢᠯ ᠤᠨ ᠲᠤᠰᠬᠠᠶ ᠵᠦᠶ᠋ᠯ ᠤᠨ ᠬᠡᠷᠡᠭᠵᠢᠭᠦᠯᠬᠦ ᠲᠥᠰᠦᠯ︾᠂ ︽ᠪᠤᠭᠤᠲᠤ ᠬᠤᠲᠠ ᠶᠢᠨ 2021 ᠣᠨ ᠤ ᠮᠠᠯᠵᠢᠬᠤ ᠲᠠᠷᠢᠶᠠᠯᠠᠬᠤ ᠣᠷᠣᠨ ᠤ 2 ᠲᠦᠮᠡᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠲᠤᠰᠬᠠᠶ ᠵᠦᠶ᠋ᠯ ᠤᠨ ᠬᠡᠷᠡᠭᠵᠢᠭᠦᠯᠬᠦ ᠲᠥᠰᠦᠯ︾᠂ ︽ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠷᠢᠭᠤᠨ ᠴᠡᠪᠡᠷ ᠤᠨ ᠵᠢᠷᠤᠮᠵᠢᠯ︾᠂ ︽ᠪᠠᠭᠠᠰᠤ ᠰᠢᠭᠡᠰᠦ ᠶᠢ ᠬᠤᠤᠷ ᠥᠬᠡᠶ ᠪᠣᠯᠭᠠᠬᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠵᠡᠷᠭᠡ ᠵᠢᠷᠤᠮᠵᠢᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃      ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ      ︽ᠬᠡᠷᠡᠭᠵᠢᠭᠦᠯᠬᠦ ᠠᠷᠭ᠎ᠠ︾ ᠨᠢ ᠶᠡᠷᠦᠩᠬᠡᠶ ᠬᠠᠷᠠᠯᠲᠠ ᠵᠢᠴᠢ ᠱᠠᠭᠠᠷᠳᠠᠯᠭ᠎ᠠ᠂ ᠪᠥᠲᠥᠭᠡᠨ ᠪᠠᠶᠢᠭᠤᠯᠬᠤ ᠠᠭᠤᠯᠭ᠎ᠠ᠂ ᠪᠠᠯᠠ ᠣᠷᠣᠭᠤᠯᠤᠯᠲᠠ ᠪᠠ ᠨᠥᠬᠦᠪᠥᠷᠢ ᠥᠭᠬᠦ ᠠᠷᠭ᠎ᠠ ᠮᠠᠶ᠋ᠢᠭ᠂ ᠪᠥᠲᠥᠭᠡᠨ ᠪᠠᠶᠢᠭᠤᠯᠬᠤ ᠵᠠᠭᠪᠤᠷ ᠪᠠ ᠪᠠᠷᠢᠮᠵᠢᠶ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠠᠵᠢᠯ ᠤᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠭᠦᠨᠵᠡᠭᠡᠶ ᠳᠥᠯᠭᠢᠨ ᠠᠬᠢᠭᠤᠯᠬᠤ ᠲᠤᠬᠠᠶ ᠪᠥᠬᠦ ᠲᠠᠯ᠎ᠠ ᠪᠠᠷ ᠪᠠᠶᠢᠷᠢᠯᠠᠭᠤᠯᠤᠯᠲᠠ ᠬᠢᠪᠠ᠃      ︵ᠨᠢᠭᠡ︶ ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ︽ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠬᠡᠷᠡᠭᠵᠢᠭᠦᠯᠬᠦ ᠲᠥᠰᠦᠯ 2018 — 2020 ᠣᠨ︾ ᠤ ︽2020 ᠣᠨ ᠪᠣᠯᠬᠤ ᠳᠤ᠂ ᠮᠠᠨ ᠤ ᠬᠤᠰᠢᠭᠤᠨ ᠤ ᠭᠤᠷᠪᠠᠨ ᠲᠥᠷᠥᠯ ᠤᠨ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ 32% ᠠᠴᠠ ᠳᠡᠭᠡᠭᠰᠢ ᠳᠤ ᠬᠦᠷᠦᠭᠦᠯᠬᠦ︾ ᠱᠠᠭᠠᠷᠳᠠᠯᠭ᠎ᠠ ᠶᠢ ᠦᠨᠳᠦᠰᠦᠯᠡᠨ᠎ᠡ᠃ 2021 ᠣᠨ ᠳᠤ ᠰᠢ ᠾᠧ ᠰᠢᠶᠠᠩ᠂  ᠦᠬᠡᠷᠬᠤᠳᠳᠤᠭ ᠪᠠᠯᠭᠠᠰᠤ᠂  ᠰᠢᠪᠡᠷᠬᠦᠷᠢᠶ᠎ᠡ ᠪᠠᠯᠭᠠᠰᠤ᠂  ᠪᠠᠭ᠎ᠠ ᠤᠩᠭᠤᠨ ᠰᠢᠶᠠᠩ᠂ ᠳᠠᠷᠬᠠᠨ ᠰᠤᠮᠤ᠂ ᠴᠠᠭᠠᠨᠬᠠᠳᠠ ᠰᠤᠮᠤ᠂ ᠮᠠᠨᠳᠤᠯ ᠪᠠᠯᠭᠠᠰᠤ᠂ ᠪᠠᠶᠠᠨᠬᠤᠸᠠ ᠪᠠᠯᠭᠠᠰᠤ᠂ ᠪᠠᠶᠠᠨᠣᠪᠣᠭ᠎ᠠ ᠰᠤᠮᠤ᠂ ᠪᠠᠲᠤᠬᠠᠭᠠᠯᠭ᠎ᠠ ᠪᠠᠯᠭᠠᠰᠤ ᠂  ᠮᠢᠩᠭᠠᠨ ᠪᠠᠯᠭᠠᠰᠤ ᠵᠡᠷᠭᠡ 10 ᠰᠤᠮᠤ ᠰᠢᠶᠠᠩ ᠪᠠᠯᠭᠠᠰᠤᠨ ᠳᠤ ᠪᠠᠷᠤᠭ 1334 ᠡᠷᠦᠬᠡ ᠣᠷᠴᠢᠮ ᠤᠨ ᠳᠠᠷᠬᠠᠶ ᠮᠠᠯᠴᠢᠳ ᠤᠨ ᠵᠣᠷᠯᠣᠩ ᠢ ᠥᠭᠡᠷᠡᠴᠢᠯᠡᠬᠦ ᠠᠵᠢᠯ ᠬᠢᠬᠦ ᠪᠠᠷ ᠲᠥᠯᠥᠪᠯᠡᠵᠦ ᠪᠣᠶ᠃ 2021 ᠣᠨ ᠳᠤ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠭᠰᠡᠨ ᠰᠠᠭᠤᠷᠢᠨ ᠳᠡᠭᠡᠷ᠎ᠡ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ 55% ᠣᠷᠴᠢᠮ ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠯᠠᠮᠵᠢᠯᠠᠯᠲᠤ ᠨᠦᠬᠡᠨ ᠳᠤ ᠰᠠᠭᠤᠬᠤ ᠬᠠᠭᠤᠷᠠᠶ ᠵᠣᠷᠯᠣᠩ᠂ ᠵᠠᠳᠠᠭᠠᠶ ᠵᠣᠷᠯᠣᠩ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠰᠢᠨ ᠰᠠᠭᠤᠬᠤ ᠴᠢᠨᠠᠷ ᠴᠢᠨᠰᠠᠭ᠎ᠠ ᠪᠠ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠤᠨ᠎ᠠ᠃      ︵ ᠬᠤᠶᠠᠷ︶ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠᠷᠢᠮᠵᠢᠶ᠎ᠠ ᠶᠢ ᠴᠢᠩᠳᠠᠯᠠᠨ᠎ᠠ᠃ ︽ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠡᠷᠡᠭᠦᠯ ᠬᠠᠮᠠᠭᠠᠯᠠᠯ ᠤᠨ ᠵᠢᠷᠤᠮᠵᠢᠯ︾ ᠤᠨ GB19379 — 2012᠂ ︽ᠪᠠᠭᠠᠰᠤ ᠰᠢᠭᠡᠰᠦ ᠶᠢ ᠬᠤᠤᠷ ᠥᠬᠡᠶ ᠪᠣᠯᠭᠠᠬᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠶᠢᠨ GB7959 ᠪᠠᠷᠢᠮᠵᠢᠶ᠎ᠠ ᠶᠢ ᠴᠢᠩᠭ᠎ᠠ ᠵᠢᠷᠤᠮᠯᠠᠨ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠶᠠᠪᠤᠭᠳᠠᠭᠤᠯᠤᠨ᠎ᠠ᠃ ︵ᠬᠡᠷᠡᠮ ᠲᠠᠢ᠂ ᠣᠷᠣᠢ ᠲᠠᠢ᠂ ᠪᠠᠭᠠᠰᠤ ᠬᠠᠳᠠᠭᠠᠯᠠᠬᠤ ᠴᠥᠭᠦᠷᠥᠮ ᠨᠡᠪᠴᠢᠬᠦ ᠦᠭᠡᠢ᠂ ᠭᠤᠭᠤᠵᠢᠬᠤ ᠦᠭᠡᠢ᠂ ᠨᠢᠭᠲᠠ ᠪᠢᠲᠡᠭᠦᠮᠵᠢᠯᠡᠵᠦ ᠬᠠᠪᠬᠠᠭᠠᠰᠤ ᠲᠠᠢ᠂ ᠵᠣᠷᠯᠣᠩ ᠴᠡᠪᠡᠷ᠂ ᠢᠯᠠᠭ᠎ᠠ ᠥᠲᠥ ᠦᠭᠡᠢ᠂ ᠦᠨᠳᠦᠰᠦᠨ ᠳᠡᠭᠡᠨ ᠦᠨᠦᠷ ᠦᠭᠡᠢ᠂ ᠪᠠᠭᠠᠰᠤ ᠰᠢᠭᠡᠰᠦ ᠶᠢ ᠡᠷᠬᠡᠪᠰᠢ ᠲᠣᠭᠲᠠᠭᠠᠯ ᠶᠣᠰᠣᠭᠠᠷ ᠴᠡᠪᠡᠷᠯᠡᠨ ᠭᠠᠷᠭᠠᠵᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ︶᠃ ︵ᠬᠡᠷᠡᠮ ᠲᠠᠢ᠂ ᠣᠷᠣᠢ ᠲᠠᠢ᠂ ᠪᠠᠭᠠᠰᠤ ᠰᠢᠭᠡᠰᠦ ᠶᠢ ᠡᠷᠬᠡᠪᠰᠢ ᠲᠣᠭᠲᠠᠭᠠᠯ ᠶᠣᠰᠣᠭᠠᠷ ᠴᠡᠪᠡᠷᠯᠡᠨ ᠭᠠᠷᠭᠠᠵᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ︶᠃ ︵ᠬᠡᠷᠡᠮ ᠲᠠᠢ ᠪᠥᠭᠡᠳ ᠣᠷᠣᠢ ᠲᠠᠢ᠂ ᠪᠠᠭᠠᠰᠤ ᠰᠢᠭᠡᠰᠦ ᠶᠢ ᠡᠷᠬᠡᠪᠰᠢ ᠴᠡᠪᠡᠷᠯᠡᠨ ᠭᠠᠷᠭᠠᠵᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ︶      ︵ ᠭᠤᠷᠪᠠ︶ ᠥᠭᠡᠷᠡᠴᠢᠯᠡᠬᠦ ᠵᠠᠭᠪᠤᠷ ᠢ ᠲᠣᠭᠲᠠᠭᠠᠨ᠎ᠠ᠃ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠪᠠ ᠬᠥᠬᠡ ᠬᠤᠰᠢᠭᠤᠨ ᠤ ᠵᠣᠷᠯᠣᠩ ᠢ ᠥᠭᠡᠷᠡᠴᠢᠯᠡᠬᠦ ᠲᠤᠷᠰᠢᠯᠲᠠ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠭᠠᠴᠠᠭ᠎ᠠ ᠶᠢᠨ ᠭᠠᠵᠠᠷ ᠵᠦᠶ ᠶᠢᠨ ᠨᠥᠬᠦᠴᠡᠯ ᠪᠠ ᠣᠯᠠᠨ ᠲᠦᠮᠡᠨ ᠤ ᠬᠦᠰᠡᠯ ᠰᠠᠨᠠᠭ᠎ᠠ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠡᠷᠦᠬᠡ ᠪᠡᠶ᠎ᠡ ᠪᠠᠨ ᠳᠠᠭᠠᠭᠠᠭᠰᠠᠨ ᠲᠠᠰᠤᠯᠭ᠎ᠠ ᠲᠠᠢ ᠠᠷᠢᠭᠤᠨ ᠴᠡᠪᠡᠷ ᠤᠨ ᠲᠠᠰᠤᠯᠭ᠎ᠠ ᠲᠠᠢ ᠪᠠᠶᠢᠵᠤ᠂ ᠤᠰᠤ ᠬᠠᠩᠭᠠᠬᠤ ᠨᠥᠬᠦᠴᠡᠯ ᠲᠠᠢ ᠪᠠᠶᠢᠵᠤ᠂ ᠤᠰᠤ ᠪᠠᠷ ᠤᠬᠢᠶᠠᠬᠤ ᠮᠠᠶ᠋ᠢᠭ ᠤᠨ᠂ ᠤᠤᠯ ᠪᠠᠶᠢᠷᠢ ᠶᠢᠨ ᠪᠠᠭᠤᠷᠠᠯᠲᠠ ᠶᠢᠨ ᠵᠠᠭᠪᠤᠷ ᠢ ᠵᠦᠶ ᠵᠣᠬᠢᠰᠲᠠᠶ ᠰᠣᠩᠭᠤᠵᠤ᠂ ᠭᠠᠵᠠᠷ ᠤᠨ ᠳᠠᠪᠬᠤᠷᠭ᠎ᠠ ᠶᠢ ᠮᠠᠯᠲᠠᠬᠤ ᠳᠤ ᠬᠦᠴᠢᠷᠲᠡᠶ᠂ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ᠂ ᠬᠦᠷᠢᠶ᠎ᠡ ᠬᠠᠰᠢᠶ᠎ᠠ ᠶᠢᠨ ᠨᠡᠪᠴᠢᠬᠦ ᠶᠢ ᠰᠡᠷᠭᠡᠶᠢᠯᠡᠬᠦ ᠬᠠᠭᠤᠷᠠᠶ ᠵᠣᠷᠯᠣᠩ ᠵᠡᠷᠭᠡ ᠵᠣᠷᠯᠣᠩ ᠢ ᠥᠭᠡᠷᠡᠴᠢᠯᠡᠬᠦ ᠵᠠᠭᠪᠤᠷ ᠢ ᠰᠣᠩᠭᠤᠵᠤ ᠪᠣᠯᠤᠨ᠎ᠠ᠃ ① ᠬᠤᠲᠠ ᠪᠠᠯᠭᠠᠰᠤᠨ ᠤ ᠪᠣᠬᠢᠷ ᠤᠰᠤ ᠶᠢ ᠰᠢᠶ᠋ᠳᠪᠦᠷᠢᠯᠡᠬᠦ ᠲᠥᠬᠦᠭᠡᠷᠦᠮᠵᠢ ᠶᠢᠨ ᠪᠦᠷᠬᠦᠴᠡ ᠲᠠᠢ ᠭᠠᠵᠠᠷ ᠲᠤ ᠭᠤᠷᠪᠠᠨ ᠲᠠᠰᠤᠯᠪᠤᠷᠢ ᠲᠠᠢ ᠪᠠᠭᠠᠰᠤᠨ ᠲᠠᠲᠠᠭᠠᠯ ᠤᠨ ᠤᠰᠤ ᠪᠠᠷ ᠤᠬᠢᠶᠠᠬᠤ ᠬᠡᠯᠪᠡᠷᠢ ᠶᠢᠨ ᠤᠷᠠᠯᠠᠯ ᠢ ᠤᠷᠢᠳ ᠢᠶᠠᠷ ᠳᠡᠯᠭᠡᠷᠡᠭᠦᠯᠦᠨ ᠬᠡᠷᠡᠭᠯᠡᠨ᠎ᠡ᠃ ② ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠶᠢᠨ ᠪᠦᠷᠬᠦᠵᠦ ᠳᠡᠶᠢᠯᠬᠦ ᠦᠭᠡᠢ ᠮᠠᠯᠴᠢᠨ ᠡᠷᠦᠬᠡ ᠳᠤ ᠮᠢᠺᠷᠣᠪ ᠢᠶᠠᠷ ᠵᠣᠷᠯᠣᠩ ᠢ ᠵᠠᠳᠠᠷᠠᠭᠤᠯᠵᠤ ᠪᠣᠯᠬᠤ ᠵᠣᠷᠢᠯᠭ᠎ᠠ ᠶᠢ ᠳᠡᠯᠭᠡᠷᠡᠭᠦᠯᠦᠨ᠎ᠡ᠃ ③ ᠬᠡᠷ ᠳᠣᠲᠣᠷ᠎ᠠ ᠪᠤᠶᠤ ᠬᠡᠷᠡᠯ ᠤᠨ ᠪᠦᠷᠬᠦᠭᠦᠯ ᠤᠨ ᠳᠣᠲᠣᠷ᠎ᠠ ᠠᠷᠢᠭᠤᠨ ᠴᠡᠪᠡᠷ ᠤᠨ ᠲᠠᠰᠤᠯᠭ᠎ᠠ ᠭᠠᠷᠭᠠᠬᠤ ᠳᠤᠷ᠎ᠠ ᠥᠬᠡᠶ ᠮᠠᠯᠴᠢᠨ ᠲᠠᠷᠢᠶᠠᠴᠢᠨ ᠡᠷᠦᠬᠡ ᠳᠤ ᠬᠤᠤᠰ ᠨᠦᠬᠡ ᠪᠠᠷ ᠡᠭᠡᠯᠵᠢᠯᠡᠬᠦ ᠬᠠᠭᠤᠷᠠᠶ ᠵᠣᠷᠯᠣᠩ ᠪᠠᠶᠢᠭᠤᠯᠵᠤ ᠪᠣᠯᠤᠨ᠎ᠠ᠃      ︵ ᠲᠦᠷᠪᠡ︶ ᠥᠭᠡᠷᠡᠴᠢᠯᠡᠬᠦ ᠲᠠᠰ ᠳᠠᠷᠠᠭᠠᠯᠠᠯ ᠢ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠳᠤ ᠵᠠᠷᠴᠢᠮ ᠳᠡᠭᠡᠷ᠎ᠡ ᠪᠠᠨ ᠮᠠᠯᠴᠢᠨ ᠲᠠᠷᠢᠶᠠᠴᠢᠨ ᠥᠪᠡᠷᠲᠡᠭᠡᠨ ᠪᠠᠶᠢᠭᠤᠯᠬᠤ ᠪᠠᠷ ᠭᠤᠣᠯ ᠪᠣᠯᠭᠠᠵᠤ᠂ ᠮᠠᠯᠴᠢᠳ ᠰᠠᠶᠢᠨ ᠳᠤᠷ᠎ᠠ ᠠᠴᠠ ᠪᠠᠨ ᠭᠤᠶᠤᠴᠢᠯᠠᠯ ᠭᠠᠷᠭᠠᠵᠤ᠂ ᠭᠠᠴᠠᠭ᠎ᠠ ᠲᠣᠰᠬᠤᠨ ᠤ ᠵᠥᠪᠯᠡᠯ ᠠᠴᠠ ᠨᠤᠲᠠᠯᠠᠨ ᠵᠥᠪᠰᠢᠶᠡᠷᠡᠵᠦ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠠᠴᠠ ᠪᠦᠷᠢᠳᠬᠡᠵᠦ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠷᠪᠠᠨ ᠬᠡᠯᠪᠡᠷᠢᠵᠢᠭᠰᠡᠨ ᠪᠠᠭᠠᠰᠤᠨ ᠲᠠᠲᠠᠭᠠᠯ ᠤᠨ ᠤᠰᠤ ᠪᠠᠷ ᠤᠬᠢᠶᠠᠬᠤ ᠮᠠᠶ᠋ᠢᠭ ᠤᠨ ᠵᠣᠷᠯᠣᠩ ᠤᠨ ᠲᠥᠬᠦᠭᠡᠷᠦᠮᠵᠢ ᠶᠢᠨ ᠦᠶ᠋ᠯᠡᠳᠪᠦᠷᠢ ᠪᠣᠯᠤᠨ ᠱᠤᠸᠠᠩ ᠺᠤᠩ ᠤᠨ ᠰᠣᠯᠢᠭᠳᠠᠭᠰᠠᠨ ᠬᠠᠭᠤᠷᠠᠶ ᠵᠣᠷᠯᠣᠩ ᠤᠨ ᠲᠥᠬᠦᠭᠡᠷᠦᠮᠵᠢ ᠶᠢᠨ ᠬᠦᠷᠢᠶᠡᠨ ᠳᠤ ᠤᠷᠤᠭᠰᠠᠨ ᠠᠵᠤ ᠠᠬᠤᠶᠢᠯᠠᠯ ᠤᠨ ᠨᠡᠷᠡᠰ ᠢ ᠬᠠᠷᠢᠭᠤᠴᠠᠨ ᠬᠠᠩᠭᠠᠵᠤ᠂ ᠮᠠᠯᠵᠢᠬᠤ ᠡᠷᠦᠬᠡ ᠠᠴᠠ ᠥᠪᠡᠰᠦᠪᠡᠨ ᠪᠥᠲᠥᠭᠡᠨ ᠪᠠᠶᠢᠭᠤᠯᠬᠤ ᠵᠠᠭᠪᠤᠷ ᠢ ᠰᠣᠩᠭᠤᠵᠤ᠂ ᠦᠨᠡᠬᠡᠷ ᠥᠪᠡᠷ ᠢᠶᠠᠨ ᠪᠠᠶᠢᠭᠤᠯᠬᠤ ᠴᠢᠳᠠᠪᠤᠷᠢ ᠥᠬᠡᠶ ᠮᠥᠷᠲᠡᠭᠡᠨ ᠵᠣᠷᠯᠣᠩ ᠢ ᠥᠭᠡᠷᠡᠴᠢᠯᠡᠬᠦ ᠬᠦᠰᠡᠯ ᠲᠠᠢ ᠪᠠᠶᠢᠪᠠᠯ᠂ ᠰᠤᠮᠤ ᠰᠢᠶᠠᠩ ᠪᠠᠯᠭᠠᠰᠤ ᠨᠢᠭᠡᠳᠦᠯᠲᠡᠶ ᠪᠥᠲᠥᠭᠡᠨ ᠪᠠᠶᠢᠭᠤᠯᠵᠤ ᠪᠣᠯᠤᠨ᠎ᠠ᠃︵ ᠲᠠᠪᠤ︶ ᠪᠠᠯᠠ ᠮᠥᠩᠭᠦ ᠶᠢᠨ ᠨᠥᠬᠦᠪᠥᠷᠢ ᠶᠢᠨ ᠪᠠᠷᠢᠮᠵᠢᠶ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠳᠤ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠪᠠ ᠮᠠᠯᠵᠢᠬᠤ ᠲᠠᠷᠢᠶᠠᠯᠠᠬᠤ ᠡᠷᠦᠬᠡ ᠥᠪᠡᠰᠦᠪᠡᠨ ᠴᠤᠭᠯᠠᠭᠤᠯᠬᠤ ᠠᠷᠭ᠎ᠠ ᠮᠠᠶ᠋ᠢᠭ ᠢ ᠠᠪᠴᠤ᠂ ᠵᠠᠰᠠᠭ ᠤᠨ ᠣᠷᠳᠣᠨ ᠠᠴᠠ ᠡᠷᠦᠬᠡ ᠪᠦᠷᠢ ᠳᠤ ᠳᠤᠮᠳᠠᠴᠢ ᠪᠠᠷ 3000 ᠲᠥᠭᠦᠷᠢᠭ ᠤᠨ ᠨᠥᠬᠦᠪᠥᠷᠢ ᠥᠭᠭᠦᠨ᠎ᠡ︔ ᠨᠥᠬᠦᠪᠥᠷᠢ ᠶᠢᠨ ᠪᠠᠯᠠ ᠮᠥᠩᠭᠦ ᠶᠢ ᠡᠯ᠎ᠡ ᠰᠤᠮᠤ ᠰᠢᠶᠠᠩ ᠪᠠᠯᠭᠠᠰᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠡᠯ᠎ᠡ ᠭᠠᠵᠠᠷ ᠤᠨ ᠬᠢᠨ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠰᠢᠨ ᠰᠠᠭᠤᠵᠤ ᠪᠠᠶᠢᠭ᠎ᠠ ᠬᠤᠯᠠ ᠣᠶᠢᠷ᠎ᠠ ᠶᠢ ᠦᠨᠳᠦᠰᠦᠯᠡᠨ ᠲᠡᠭᠡᠭᠡᠪᠦᠷᠢ ᠶᠢᠨ ᠵᠠᠷᠤᠳᠠᠯ ᠤᠨ ᠨᠥᠬᠦᠪᠥᠷᠢ ᠥᠭᠴᠦ᠂ ᠡᠯ᠎ᠡ ᠣᠷᠣᠰᠢᠨ ᠰᠠᠭᠤᠭ᠎ᠠ ᠭᠠᠵᠠᠷ ᠤᠨ ᠮᠠᠯᠵᠢᠬᠤ ᠲᠠᠷᠢᠶᠠᠯᠠᠬᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠠᠳᠠᠯᠢᠬᠠᠨ ᠵᠠᠭᠪᠤᠷ ᠢ ᠰᠣᠩᠭᠤᠬᠤ ᠦᠶ᠎ᠡ ᠳᠤ ᠣᠯᠤᠭᠰᠠᠨ ᠪᠣᠳᠠᠲᠠᠶ ᠪᠠᠯᠠ ᠮᠥᠩᠭᠦ ᠶᠢᠨ ᠨᠥᠬᠦᠪᠥᠷᠢ ᠶᠢ ᠠᠳᠠᠯᠢ ᠪᠠᠶᠢᠯᠭᠠᠨ᠎ᠠ᠃      ︵ ᠵᠢᠷᠭᠤᠭ᠎ᠠ︶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠪᠠ ᠵᠠᠬ᠎ᠠ ᠳᠡᠯᠭᠡᠭᠦᠷ ᠤᠨ ᠠᠵᠢᠯᠯᠠᠭᠠᠨ ᠢ ᠬᠠᠷᠢᠯᠴᠠᠨ ᠤᠶᠠᠯᠳᠤᠭᠤᠯᠤᠭᠰᠠᠨ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ① ᠬᠤᠲᠠ ᠪᠠᠯᠭᠠᠰᠤᠨ ᠤ ᠪᠣᠬᠢᠷ ᠤᠰᠤᠨ ᠤ ᠲᠥᠬᠦᠭᠡᠷᠦᠮᠵᠢ ᠶᠢᠨ ᠪᠦᠷᠬᠦᠯᠲᠡ ᠶᠢᠨ ᠣᠷᠣᠨ ᠪᠦᠰᠡ ᠳᠤ ᠤᠷᠢᠳ ᠢᠶᠠᠷ ᠤᠰᠤ ᠪᠠᠷ ᠤᠬᠢᠶᠠᠬᠤ ᠮᠠᠶ᠋ᠢᠭ ᠤᠨ ᠵᠣᠷᠯᠣᠩ ᠢ ᠳᠡᠯᠭᠡᠷᠡᠭᠦᠯᠦᠨ᠎ᠡ᠃ ᠪᠣᠬᠢᠷᠲᠤᠯ ᠢ ᠲᠠᠲᠠᠬᠤ ᠳᠤ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠠᠴᠠ ᠲᠡᠳᠡᠨ ᠠᠪᠴᠤ᠂ ᠪᠣᠬᠢᠷᠲᠤᠯ ᠢ ᠲᠠᠲᠠᠬᠤ ᠲᠡᠷᠭᠡ ᠬᠥᠰᠬᠡ ᠶᠢ ᠭᠦᠶ᠋ᠴᠡᠳ ᠳᠣᠭᠢᠷᠠᠭᠤᠯᠤᠨ᠂ ᠰᠤᠮᠤ ᠰᠢᠶᠠᠩ ᠪᠠᠯᠭᠠᠰᠤ ᠶᠢᠨ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠲᠤᠯ ᠢ ᠰᠢᠶ᠋ᠳᠪᠦᠷᠢᠯᠡᠵᠦ᠂ ᠰᠤᠮᠤ ᠰᠢᠶᠠᠩ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠲᠠᠨ ᠳᠣᠭᠢᠷᠠᠭᠤᠯᠬᠤ ᠪᠠᠷ ᠳᠡᠮᠵᠢᠨ᠂ ᠪᠣᠬᠢᠷᠲᠤᠯ ᠢ ᠲᠠᠲᠠᠬᠤ ᠲᠡᠷᠭᠡ ᠳᠣᠭᠢᠷᠠᠭᠤᠯᠵᠤ᠂ ᠤᠯᠠᠷᠢᠯ ᠪᠦᠷᠢ ᠳᠤ ᠨᠢᠭᠡ ᠤᠳᠠᠭ᠎ᠠ ᠲᠡᠳᠡᠨ ᠠᠪᠬᠤ ᠶᠢᠨ ᠬᠠᠮᠲᠤ 100 ᠲᠥᠭᠦᠷᠢᠭ ᠤᠨ ᠳᠣᠲᠣᠷᠠᠬᠢ ᠦᠶ᠋ᠯᠡᠴᠢᠯᠡᠭᠡᠨ ᠤ ᠰᠦᠶ᠋ᠳᠬᠡᠯ ᠬᠤᠷᠢᠶᠠᠵᠤ᠂ ᠲᠠᠲᠠᠵᠤ ᠠᠪᠤᠭᠰᠠᠨ ᠪᠠᠭᠠᠰᠤᠨ ᠪᠣᠬᠢᠷᠲᠤᠯ ᠢ ᠲᠥᠪᠯᠡᠷᠡᠭᠦᠯᠦᠨ ᠬᠤᠤᠷ ᠥᠬᠡᠶ ᠪᠣᠯᠭᠠᠨ ᠰᠢᠶ᠋ᠳᠪᠦᠷᠢᠯᠡᠬᠦ ᠬᠡᠷᠡᠭᠲᠡᠶ᠃ ② ᠤᠰᠤ ᠪᠠᠷ ᠤᠬᠢᠶᠠᠬᠤ ᠭᠤᠷᠪᠠᠨ ᠬᠡᠯᠪᠡᠷᠢ ᠮᠠᠶ᠋ᠢᠭ᠂ ᠮᠢᠺᠷᠣᠪ ᠢᠶᠠᠷ ᠡᠷᠦᠬᠡ ᠶᠢᠨ ᠵᠣᠷᠯᠣᠩ ᠢ ᠵᠠᠳᠠᠷᠠᠭᠤᠯᠵᠤ᠂ ᠬᠤᠤᠰ ᠨᠦᠬᠡ ᠪᠠᠷ ᠡᠭᠡᠯᠵᠢᠯᠡᠨ ᠬᠠᠭᠤᠷᠠᠶ ᠵᠣᠷᠯᠣᠩ ᠢ ᠦᠶ᠋ᠯᠡᠳᠪᠦᠷᠢ ᠠᠴᠠ ᠮᠠᠨ ᠤ ᠬᠤᠰᠢᠭᠤᠨ ᠤ ᠰᠤᠮᠤ ᠰᠢᠶᠠᠩ ᠪᠠᠯᠭᠠᠰᠤᠨ ᠳᠤ ᠮᠡᠷᠭᠡᠵᠢᠯ ᠤᠨ ᠦᠶ᠋ᠯᠡᠴᠢᠯᠡᠭᠡᠨ ᠤ ᠥᠷᠲᠡᠭᠡ ᠪᠠᠶᠢᠭᠤᠯᠵᠤ᠂ ᠮᠡᠷᠭᠡᠵᠢᠯ ᠪᠠ ᠬᠠᠮᠠᠭᠠᠯᠠᠯᠲᠠ ᠶᠢᠨ ᠦᠶ᠋ᠯᠡᠴᠢᠯᠡᠭᠡ ᠶᠢ ᠥᠷᠨᠢᠭᠦᠯᠦᠨ᠎ᠡ᠃ ᠨᠢᠭᠡ ᠵᠢᠯ ᠤᠨ ᠳᠣᠲᠣᠷ᠎ᠠ ᠰᠦᠢᠳᠬᠡᠯ ᠬᠤᠷᠢᠶᠠᠬᠤ ᠦᠭᠡᠶ ᠪᠠᠷ ᠰᠡᠯᠪᠢᠨ ᠵᠠᠰᠠᠵᠤ᠂ ᠨᠢᠭᠡ ᠵᠢᠯ ᠤᠨ ᠳᠠᠷᠠᠭ᠎ᠠ ᠦᠢᠯᠡᠴᠢᠯᠡᠭᠡᠨ ᠤ ᠰᠦᠢᠳᠬᠡᠯ ᠬᠤᠷᠢᠶᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号