ᠪᠤᠭᠤᠳᠦ ᠬᠤᠳᠠ ᠵᠢᠴᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠮᠠᠨᠳᠤᠯ ᠪᠤᠭᠤᠮᠳᠠ ᠳᠤ ᠬᠢᠵᠢᠭ ᠤᠨ ᠰᠡᠷᠭᠡᠶᠢᠯᠡᠯᠳᠡ ᠶᠢᠨ ᠠᠵᠢᠯᠳᠠᠳ ᠢ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/12/28
     ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ᠂ ᠪᠤᠭᠤᠳᠦ ᠬᠤᠳᠠ ᠶᠢᠨ ᠠᠵᠢᠯᠴᠢᠨ ᠤ ᠶᠡᠷᠦᠩᠭᠡᠢ ᠡᠪᠯᠡᠯ  ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠲᠤᠬᠤᠨᠢᠭᠤᠯᠭ᠎ᠠ ᠶᠢ ᠦᠷᠨᠢᠭᠦᠯᠬᠦ ᠲᠤᠬᠠᠢ ᠮᠡᠳᠡᠭᠳᠡᠯ ︾ ᠵᠢᠴᠢ ᠬᠤᠰᠢᠭᠤ ᠨᠠᠮ ᠤᠨ ᠬᠤᠷᠢᠶᠠᠨ ᠤ ︽ᠮᠠᠨᠳᠤᠯ ᠪᠤᠭᠤᠮᠳᠠ ᠶᠢᠨ ᠠᠵᠢᠯ ᠤᠨ ᠲᠤᠰᠬᠠᠢ ᠠᠩᠭᠢ ᠶᠢᠨ ᠬᠠᠪᠰᠤᠷᠤᠨ ᠲᠡᠳᠭᠦᠵᠦ  ᠲᠤᠬᠤᠨᠢᠭᠤᠯᠬᠤ ᠠᠵᠢᠯ ᠢ ᠰᠠᠶᠢᠳᠤᠷ  ᠬᠢᠬᠦ ᠮᠡᠳᠡᠭᠳᠡᠯ︾ ᠤᠨ ᠶᠤᠰᠤᠭᠠᠷ᠂ ᠬᠢᠯᠢ ᠶᠢᠨ ᠭᠠᠳᠠᠨᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠡᠴᠡᠭᠦᠳᠡᠵᠦ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠪᠠᠴᠢᠮ ᠲᠤᠯᠭᠠᠮ᠎ᠠ ᠪᠠᠶᠢᠳᠠᠯ ᠳᠤ ᠴᠢᠭᠯᠡᠭᠦᠯᠦᠨ ᠬᠤᠳᠠ᠂ ᠬᠤᠰᠢᠭᠤ ᠬᠤᠶᠠᠷ ᠱᠠᠳᠤᠨ ᠤ ᠠᠵᠢᠯᠴᠢᠨ ᠤ ᠡᠪᠯᠡᠯ ᠤᠨ ᠬᠢᠨ16 ᠲᠦᠮᠡᠨ ᠲᠦᠭᠦᠷᠢᠭ ᠤᠨ ᠪᠡᠯᠡ ᠮᠦᠩᠭᠦ ᠶᠢ ᠢᠳᠡᠪᠬᠢᠳᠡᠢ ᠪᠠᠷ  ᠴᠤᠭᠯᠠᠭᠤᠯᠵᠦ᠂2021 ᠤᠨ ᠤ12 ᠰᠠᠷ᠎ᠠ ᠶᠢᠨ22 ᠤ ᠡᠳᠦᠷ ᠮᠠᠨᠳᠤᠯ ᠪᠤᠭᠤᠮᠳᠠ  ᠳᠤ ᠲᠤᠰᠬᠠᠢ ᠲᠤᠬᠤᠨᠢᠭᠤᠯᠬᠤ ᠠᠵᠢᠯᠯᠠᠭ᠎ᠠ ᠦᠷᠨᠢᠭᠦᠯᠵᠦ᠂ ᠬᠢᠯᠢ ᠶᠢᠨ ᠪᠤᠭᠤᠮᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠨᠲ ᠢ  ᠪᠠᠳᠤ ᠰᠠᠬᠢᠵᠦ ᠪᠠᠶᠢᠭ᠎ᠠ794 ᠠᠵᠢᠯᠳᠠᠨ ᠢ ᠲᠤᠬᠤᠨᠢᠭᠤᠯᠵᠠᠢ᠃
     ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ᠂ ᠠᠵᠢᠯᠴᠢᠨ ᠤ ᠶᠡᠷᠦᠩᠭᠡᠢ ᠡᠪᠯᠡᠯ ᠤᠨ ᠲᠡᠷᠢᠭᠦᠯᠡᠭᠴᠢ ᠰᠡᠷᠭᠦᠯᠡᠩ ᠵᠢᠴᠢ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠤᠨ ᠲᠤᠬᠤᠨᠢᠭᠤᠯᠬᠤ ᠲᠤᠭᠤᠶᠢᠯᠠᠩ ᠮᠠᠨᠳᠤᠯ ᠪᠤᠭᠤᠮᠳᠠ ᠳᠤ ᠭᠦᠨᠵᠡᠭᠡᠶᠢᠷᠡᠨ᠂ ᠪᠤᠭᠤᠮᠳᠠ   ᠶᠢ ᠰᠠᠬᠢᠨ  ᠬᠠᠮᠠᠭᠠᠯᠠᠵᠦ ᠪᠠᠶᠢᠭ᠎ᠠ ᠬᠤᠰᠢᠭᠤᠨ ᠤ ᠲᠤᠰᠬᠠᠢ ᠡᠭᠡᠯᠵᠢ ᠶᠢᠨ ᠲᠤᠭᠤᠶᠢᠯᠠᠩ᠂ ᠪᠤᠭᠤᠳᠦ ᠶᠢᠨ ᠪᠤᠭᠤᠮᠳᠠ᠂ ᠪᠤᠭᠤᠳᠦ ᠶᠢᠨ ᠬᠢᠯᠢ ᠪᠠᠷ ᠤᠷᠤᠵᠦ ᠭᠠᠷᠬᠤ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠬᠤ ᠦᠷᠳᠡᠭᠡ᠂ ᠬᠤᠳᠠᠯᠳᠤᠭᠠᠨ  ᠤ ᠶᠠᠪᠤᠳᠠᠯ ᠤᠨ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠡ ᠶᠢᠨ ᠠᠵᠢᠯᠳᠠᠨ ᠢ ᠲᠤᠬᠤᠨᠢᠭᠤᠯᠵᠦ᠂ ᠲᠡᠳᠡᠨ ᠳᠤ ᠬᠦᠪᠦᠩ ᠬᠦᠨᠵᠢᠯᠡ᠂ ᠴᠤᠮᠤ ᠵᠡᠷᠭᠡ  ᠲᠤᠬᠤᠨᠢᠭᠤᠯᠬᠤ ᠪᠤᠳᠠᠰ ᠬᠦᠷᠭᠡᠵᠦ ᠦᠭᠪᠡ᠃ ᠲᠤᠬᠤᠨᠢᠭᠤᠯᠬᠤ ᠲᠤᠭᠤᠶᠢᠯᠠᠩ  ᠤᠨ ᠬᠢᠨ ᠵᠢᠵᠢᠭᠦᠷᠯᠡᠵᠦ ᠪᠠᠶᠢᠭ᠎ᠠ ᠠᠵᠢᠯᠳᠠᠳ ᠢ ᠬᠠᠯᠠᠮᠵᠢᠯᠠᠨ ᠲᠤᠬᠤᠨᠢᠭᠤᠯᠤᠭᠰᠠᠨ  ᠪᠦᠭᠡᠳ ᠬᠢᠯᠢ ᠶᠢᠨ ᠪᠤᠭᠤᠮᠳᠠ  ᠶᠢ ᠤᠷᠳᠦ ᠬᠤᠭᠤᠴᠠᠭ᠎ᠠ ᠪᠠᠷ ᠪᠠᠳᠤ ᠰᠠᠬᠢᠨ ᠬᠠᠮᠠᠭᠠᠯᠠᠵᠦ ᠪᠠᠶᠢᠭ᠎ᠠ ᠳᠤ ᠲᠠᠯᠠᠷᠬᠠᠬᠤ ᠰᠡᠳᠭᠢᠯ ᠢᠶᠠᠨ ᠢᠯᠡᠳᠭᠡᠬᠦ ᠶᠢᠨ ᠬᠠᠮᠳᠦ ᠲᠤᠰ ᠪᠡᠶ᠎ᠡ ᠶᠢᠨ ᠬᠠᠮᠠᠭᠠᠯᠠᠯᠳᠠ ᠪᠠᠨ ᠰᠠᠶᠢᠳᠤᠷ ᠬᠢᠵᠦ᠂ ᠬᠢᠵᠢᠭ ᠤᠨ ᠪᠠᠶᠢᠳᠠ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠵᠢᠬᠦ ᠬᠡᠷᠡᠭᠳᠡᠢ ᠬᠡᠵᠦ ᠵᠠᠬᠢᠭᠰᠠᠨ ᠪᠠᠶᠢᠨ᠎ᠠ᠃
     ᠲᠤᠰ ᠤᠳᠠᠭᠠᠨ ᠤ ᠲᠤᠬᠤᠨᠢᠭᠤᠯᠬᠤ ᠠᠵᠢᠯᠯᠠᠭ᠎ᠠ ᠳᠤ ᠴᠢᠭᠯᠡᠭᠦᠯᠦᠨ᠂ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠠᠴᠠ ᠪᠤᠭᠤᠮᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷ ᠤᠨ ᠠᠵᠢᠯᠳᠠᠨ ᠤ ᠠᠮᠢᠳᠤᠷᠠᠯ ᠤᠨ ᠪᠠᠶᠢᠳᠠᠯ ᠢ ᠬᠦᠨᠵᠡᠭᠡᠢ ᠤᠶᠢᠯᠠᠭᠠᠵᠦ᠂ ᠨᠠᠮ ᠪᠠ ᠵᠠᠰᠠᠭ ᠤᠨ ᠤᠷᠳᠤᠨ ᠤ ᠬᠠᠯᠠᠮᠵᠢᠯᠠᠯ ᠵᠢᠴᠢ ᠠᠵᠢᠯᠳᠠᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠬᠠᠶᠢᠷ᠎ᠠ ᠬᠠᠯᠠᠮᠵᠢ ᠶᠢ ᠬᠦᠷᠭᠡᠭᠰᠡᠨ  ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号