ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠂ ᠡᠮᠡᠭᠳᠡᠶᠢᠴᠤᠳ ᠤᠨ ᠬᠤᠯᠪᠤᠭᠠᠳᠦ ᠬᠤᠷᠠᠯ ᠠᠴᠠ ︽ᠨᠤᠮ ᠬᠠᠨᠳᠢᠪᠯᠠᠵᠦ ᠰᠤᠷᠤᠯᠭ᠎ᠠ ᠶᠢ ᠲᠡᠳᠭᠦᠨ ᠬᠠᠶᠢᠷ᠎ᠠ ᠬᠠᠯᠠᠮᠵᠢ ᠶᠢ  ᠲᠦᠬᠡᠬᠡᠭᠦ︾ ᠨᠡᠶᠢᠳᠡ ᠶᠢᠨ ᠠᠰᠠᠷᠠᠮᠵᠢ ᠶᠢᠨ ᠬᠠᠨᠳᠢᠪᠯᠠᠬᠤ ᠶᠤᠰᠤᠯᠠᠯ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2021/12/29
     ᠨᠠᠮ ᠤᠨ ᠲᠡᠥᠬᠡ ᠶᠢᠨ ᠰᠤᠷᠤᠯᠴᠠᠯᠭ᠎ᠠ ᠬᠦᠮᠦᠵᠢᠯ ᠢ ᠰᠠᠶᠢᠳᠤᠷ ᠬᠢᠵᠦ᠂ ︽ᠪᠢ ᠤᠯᠠᠨ ᠲᠦᠮᠡᠨ ᠳᠤ ᠪᠤᠳᠠᠳᠦ ᠶᠠᠪᠤᠳᠠᠯ ᠬᠢᠬᠦ︾ ᠦᠢᠯᠡ ᠠᠵᠢᠯᠯᠠᠭ᠎ᠠ ᠶᠢ ᠲᠦᠯᠬᠢᠨ ᠠᠬᠢᠭᠤᠯᠵᠦ᠂ ᠰᠤᠷᠭᠠᠭᠤᠯᠢ ᠶᠢᠨ ᠬᠦᠷᠢᠶᠡᠨ ᠤ ᠨᠤᠮ ᠤᠩᠰᠢᠯᠭ᠎ᠠ ᠶᠢᠨ ᠠᠭᠤᠷ ᠠᠮᠢᠰᠬᠤᠯ ᠢ ᠪᠠᠶᠠᠯᠢᠭᠵᠢᠭᠤᠯᠤᠨ᠂ ᠬᠦᠳᠡᠭᠡ ᠲᠣᠰᠬᠤᠨ ᠤ ᠭᠡᠷ ᠲᠡᠭᠡᠨ ᠦᠯᠡᠳᠡᠵᠦ ᠬᠤᠴᠤᠷᠤᠭᠰᠠᠨ ᠬᠡᠥᠬᠡᠳ ᠤᠨ ᠰᠤᠷᠭᠠᠨ ᠬᠦᠮᠦᠵᠢᠯ  ᠬᠦᠷᠳᠡᠬᠦ ᠶᠢ ᠬᠠᠯᠠᠮᠵᠢᠯᠠᠬᠤ ᠶᠢᠨ ᠡᠭᠦᠳᠡᠨ ᠠᠴᠠ12 ᠰᠠᠷ᠎ᠠ  ᠶᠢᠨ21 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠰᠢᠭᠦᠭᠦ ᠬᠤᠷᠢᠶ᠎ᠠ᠂ ᠡᠮᠡᠭᠳᠡᠶᠢᠴᠤᠳ ᠤᠨ ᠬᠤᠯᠪᠤᠭᠠᠳᠦ ᠬᠤᠷᠠᠯ ᠠᠴᠠ ᠰᠢᠪᠡᠷᠭᠦᠷᠢᠶ᠎ᠡ ᠪᠠᠯᠭᠠᠰᠤᠨ ᠤ ᠪᠠᠭ᠎ᠠ ᠰᠤᠷᠭᠠᠭᠤᠯᠢ ᠳᠤ ᠬᠦᠷᠴᠦ ︽ᠨᠤᠮ ᠬᠠᠨᠳᠢᠪᠯᠠᠵᠦ ᠰᠤᠷᠤᠯᠭ᠎ᠠ ᠶᠢ ᠲᠡᠳᠭᠦᠨ ᠬᠠᠶᠢᠷ᠎ᠠ ᠬᠠᠯᠠᠮᠵᠢ ᠶᠢ ᠲᠦᠭᠡᠭᠡᠬᠦ︾ ᠨᠡᠶᠢᠳᠡ ᠶᠢᠨ ᠠᠰᠠᠷᠠᠮᠵᠢ ᠶᠢᠨ ᠬᠠᠨᠳᠢᠪᠯᠠᠬᠤ ᠶᠤᠰᠤᠯᠠᠯ ᠶᠠᠪᠤᠭᠳᠠᠭᠤᠯᠪᠠ᠃
     ᠬᠦᠳᠡᠯᠬᠡᠬᠡᠨ ᠳᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠪᠠ ᠠᠷᠠᠳ ᠤᠨ ᠰᠢᠭᠦᠭᠦ ᠬᠤᠷᠠᠯ ᠪᠠ ᠠᠷᠠᠳ  ᠤᠨ ᠰᠢᠬᠦᠬᠦ ᠬᠤᠷᠢᠶ᠎ᠠ ᠨᠡᠶᠢᠳᠡ3000 ᠲᠦᠭᠦᠷᠢᠭ ᠤᠨ ᠨᠤᠮ ᠪᠢᠴᠢᠭ ᠪᠠ ᠰᠤᠷᠤᠯᠭ᠎ᠠ ᠶᠢᠨ ᠡᠳ᠋ ᠬᠡᠷᠡᠭᠰᠡᠯ ᠢ ᠬᠦᠷᠭᠡᠵᠦ᠂ ᠪᠠᠭᠰᠢ ᠰᠤᠷᠤᠭᠴᠢᠳ ᠢ ᠪᠠᠶᠠᠷᠯᠠᠭᠤᠯᠤᠨ ᠲᠤᠭᠳᠠᠭᠤᠯᠠᠭᠤᠯᠵᠡᠢ᠃
     ᠲᠤᠰ ᠤᠳᠠᠭᠠᠨ ᠤ ᠠᠵᠢᠯᠯᠠᠭ᠎ᠠ ᠨᠢ ᠭᠡᠷ ᠲᠡᠭᠡᠨ ᠬᠤᠴᠤᠷᠤᠭᠰᠠᠨ ᠬᠡᠥᠬᠡᠳ ᠲᠤ ᠭᠡᠷ ᠪᠦᠯᠢ ᠶᠢᠨ ᠬᠠᠯᠠᠭᠤᠨ ᠲᠤᠯᠠᠭᠠᠨ ᠢ ᠮᠡᠳᠡᠷᠡᠭᠦᠯᠵᠦ᠂ ᠲᠡᠳᠡ ᠨᠠᠷ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠦᠷᠢ ᠶᠢ ᠬᠦᠮᠦᠵᠢᠭᠦᠯᠦᠨ᠂ ᠲᠡᠳᠡᠨ ᠤ ᠪᠦᠯᠬᠦᠮᠳᠡᠨ ᠬᠠᠪᠰᠤᠷᠤᠯᠴᠠᠬᠤ ᠪᠠ ᠦᠭᠡᠳᠡᠯᠡᠨ ᠲᠠᠪᠰᠢᠬᠤ ᠵᠤᠷᠢᠭ ᠰᠠᠨᠠᠭ᠎ᠠ ᠶᠢ ᠬᠦᠮᠦᠵᠢᠭᠦᠯᠬᠦ ᠳᠤ ᠢᠳᠡᠪᠬᠢᠳᠡᠢ ᠦᠢᠯᠡᠳᠦᠯ ᠦᠵᠡᠭᠦᠯᠬᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号