ᠮᠠᠨ ᠤ ᠬᠤᠰᠢᠭᠤ ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2021/12/3
     12 ᠰᠠᠷ᠎ᠠ ᠶᠢᠨ2 ᠪᠤᠯ ︽ᠪᠦᠬᠦ  ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠮᠦᠨ ᠃ ᠡᠨᠡ ᠨᠢ ᠠᠷᠪᠠᠳᠤᠬᠢ ᠤᠳᠠᠭᠠᠨ ᠤ ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠪᠤᠯᠤᠨ᠎ᠠ᠃
     ᠰᠢ ᠵᠢᠩ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ  ᠵᠢᠷᠤᠮᠳᠦ ᠦᠵᠡᠯ ᠰᠠᠨᠠᠭ᠎ᠠ ᠶᠢ ᠬᠦᠨᠵᠡᠬᠡᠢ ᠲᠤᠭᠤᠭᠰᠢᠯᠠᠭᠤᠯᠵᠦ᠂ ᠠᠮᠤᠷ ᠲᠦᠪᠰᠢᠨ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤᠵᠢᠭᠤᠯᠵᠦ᠂ ᠠᠮᠢ ᠨᠠᠰᠤ ᠶᠢ ᠲᠡᠭᠡᠳᠦᠯᠡᠬᠦ᠂ ᠠᠮᠤᠷ ᠲᠦᠪᠰᠢᠨ ᠢ ᠲᠡᠷᠢᠬᠦᠨ ᠳᠤ ᠲᠠᠯᠪᠢᠬᠤ ᠤᠶᠢᠯᠠᠭᠠᠭᠳᠠᠬᠤᠨ ᠢ ᠢᠳᠡᠪᠬᠢᠳᠡᠢ ᠰᠠᠨᠠᠭᠠᠴᠢᠯᠠᠬᠤ ᠶᠢᠨ ᠲᠦᠯᠦᠬᠡ ᠮᠠᠨ ᠤ ᠬᠤᠰᠢᠭᠤ ᠪᠠᠳᠤᠬᠠᠭᠠᠯᠭ᠎ᠠ ᠪᠠᠯᠭᠠᠰᠤᠨ ᠤ ᠪᠤᠶᠠᠨ ᠪᠠᠳᠠᠷᠠᠭᠤᠯᠤᠭᠴᠢ ᠰᠦᠮ᠎ᠡ ᠶᠢᠨ ᠠᠭᠤᠳᠠᠮ ᠲᠠᠯᠠᠪᠠᠢ ᠳᠤ ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠵᠢᠴᠢ ︽ᠬᠠᠥᠯᠢ ᠲᠤᠭᠳᠠᠭᠠᠯ ᠢ ᠰᠠᠬᠢᠵᠦ᠂ ᠠᠮᠤᠷ ᠲᠦᠪᠰᠢᠨ ᠪᠤᠯᠪᠠᠰᠤᠨ ᠢᠶᠠᠷ ᠵᠤᠷᠴᠢᠬᠤ︾ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠶᠠᠪᠤᠭᠳᠠᠭᠤᠯᠤᠭᠰᠠᠨ ᠪᠠᠶᠢᠨ᠎ᠠ᠃
     ᠲᠤᠰ ᠤᠳᠠᠭᠠᠨ ᠤ ᠠᠵᠢᠯᠯᠠᠭ᠎ᠠ ᠳᠤ ᠵᠠᠮ ᠬᠠᠷᠢᠯᠴᠠᠭᠠᠨ ᠤ ᠲᠤᠪᠴᠢᠶᠠᠨ ᠤ ᠠᠵᠢᠯᠳᠠᠳ ᠠᠴᠠ ᠰᠠᠭᠤᠭᠠᠯᠢ ᠠᠷᠠᠳ ᠲᠤ ᠠᠮᠤᠷ  ᠲᠦᠪᠰᠢᠨ ᠤ ᠮᠡᠳᠡᠯᠭᠡ ᠶᠢ ᠰᠤᠷᠳᠠᠯᠴᠢᠯᠠᠵᠦ᠂ ᠪᠦᠬᠦ ᠠᠷᠠᠳ ᠤᠨ ᠠᠮᠤᠷ ᠲᠦᠪᠰᠢᠨ ᠰᠠᠭᠠᠳ ᠦᠬᠡᠢ ᠨᠡᠪᠳᠡᠷᠡᠬᠦ ᠵᠠᠮ ᠬᠠᠷᠢᠯᠴᠠᠭᠠᠨ ᠤ ᠦᠵᠡᠯᠳᠡ ᠶᠢ ᠪᠦᠬᠦ ᠬᠦᠴᠦᠨ ᠢᠶᠠᠷ ᠪᠤᠢ ᠪᠤᠯᠭᠠᠵᠦ᠂ ᠤᠯᠠᠨ ᠲᠦᠮᠡᠨ ᠤ ᠶᠠᠪᠤᠵᠦ ᠰᠠᠭᠤᠬᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号