2021 ᠤᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠦᠨᠳᠦᠰᠦᠨ ᠬᠠᠥᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2021/12/8
     12 ᠰᠠᠷ᠎ᠠ ᠶᠢᠨ4 ᠤ ᠡᠳᠦᠷ ᠪᠤᠯ ᠮᠠᠨ ᠤ ᠤᠯᠤᠰ ᠤᠨ ᠨᠠᠶᠢᠮᠠᠳᠠᠬᠢ ︽ᠦᠨᠳᠦᠰᠦᠨ ᠬᠠᠥᠯᠢ ᠶᠢᠨ ᠡᠳᠦᠷ︾ ᠪᠤᠯᠤᠨ᠎ᠠ᠃12 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠠᠥᠯᠢ ᠴᠠᠭᠠᠵᠠ ᠶᠢᠨ ᠲᠤᠪᠴᠢᠶ᠎ᠠ ᠠᠴᠠ ᠭᠤᠤᠯᠯᠠᠨ ᠡᠷᠬᠢᠯᠡᠭᠰᠡᠨ2021 ᠤᠨ   ᠤ ᠲᠠᠷᠬᠠᠨ   ᠮᠤᠤᠮᠢᠩᠭᠠᠨ ᠬᠤᠯᠪᠤᠭᠠᠳᠦ ᠬᠤᠰᠢᠭᠤᠨ ᠤ ︽ᠦᠨᠳᠦᠰᠦᠨ ᠬᠠᠥᠯᠢ ᠶᠢᠨ ᠤᠬᠠᠭᠤᠯᠭ᠎ᠠ ᠶᠢᠨ ᠭᠠᠷᠠᠭ︾ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠬᠤᠰᠢᠭᠤᠨ ᠤ ᠭᠠᠯ ᠤᠨᠳᠠᠷᠠᠭᠠᠵᠦ ᠠᠪᠤᠷᠠᠨ ᠲᠤᠰᠠᠯᠠᠬᠤ ᠶᠡᠭᠡ ᠠᠩᠭᠢ ᠶᠢᠨ ᠲᠠᠮᠢᠷ ᠤᠨ ᠤᠷᠳᠤᠨ ᠳᠤ ᠶᠠᠪᠤᠭᠳᠠᠵᠦ᠂ ᠬᠤᠰᠢᠭᠤᠨ ᠤ ᠤᠳᠤᠷᠢᠳᠤᠯᠭ᠎ᠠ  ᠬᠦᠩ ᠬᠤᠸᠠ᠂ ᠶᠤᠸᠠᠨ ᠰᠢᠦᠢ᠂ ᠵᠠᠩ ᠰᠢᠦᠢ᠂ ᠵᠤᠤ ᠯᠢᠶᠠᠩ᠂ ᠰᠠᠷᠠᠩᠭᠤᠸ᠎ᠠ᠂ ᠸᠠᠩ ᠵᠢᠶᠠᠨ ᠬᠤᠸᠠ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠵᠠᠩ ᠰᠢᠦᠢ ᠶᠠᠷᠢᠶ᠎ᠠ ᠲᠠᠯᠪᠢᠵᠦ᠂ ᠪᠢᠳᠡ ᠰᠢ ᠵᠢᠩ ᠫᠢᠩ ᠶᠡᠷᠦᠩᠭᠡᠢ ᠱᠦᠵᠢ ᠶᠢᠨ ᠦᠨᠳᠦᠰᠦᠨ ᠬᠠᠥᠯᠢ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠪᠠᠷ ᠬᠦᠳᠦᠯᠪᠦᠷᠢ ᠪᠤᠯᠭᠠᠬᠤ ᠶᠢ ᠪᠠᠷᠢᠮᠳᠠᠯᠠᠵᠦ᠂ ᠦᠨᠳᠦᠰᠦᠨ ᠬᠠᠥᠯᠢ ᠶᠢᠨ ᠰᠤᠷᠤᠯᠴᠠᠯᠭ᠎ᠠ ᠤᠬᠠᠭᠤᠯᠭ᠎ᠠ ᠬᠦᠮᠦᠵᠢᠯ ᠤᠨ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠳᠤ  ᠡᠵᠡᠮᠰᠢᠵᠤ ᠦᠨᠳᠦᠰᠦᠨ ᠬᠠᠥᠯᠢ ᠶᠢᠨ  ᠵᠤᠷᠢᠭ ᠰᠠᠨᠠᠭ᠎ᠠ᠂ ᠵᠠᠷᠴᠢᠮ ᠪᠤᠯᠤᠨ ᠭᠤᠤᠯ ᠠᠭᠤᠯᠭ᠎ᠠ ᠶᠢ ᠦᠷᠭᠦᠯᠵᠢᠯᠡᠨ ᠬᠦᠨᠵᠡᠬᠡᠢ ᠤᠬᠠᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠲᠠᠢ  ᠨᠢᠠᠠᠳᠠ ᠤᠶᠠᠯᠳᠤᠭᠤᠯᠤᠨ᠂ ᠪᠦᠬᠦ ᠬᠤᠰᠢᠭᠤ ᠪᠠᠷ  ᠢᠶᠠᠨ ᠬᠠᠥᠯᠢ ᠶᠢ ᠨᠠᠷᠢᠨ ᠬᠢᠨᠠᠮᠠᠭᠠᠢ ᠰᠤᠷᠤᠯᠴᠠᠵᠦ᠂ ᠬᠠᠥᠯᠢ ᠶᠢ ᠰᠠᠬᠢᠬᠤ᠂ ᠲᠦᠪ ᠭᠤᠤᠯᠴᠢ ᠪᠠᠷ ᠬᠠᠥᠯᠢ ᠶᠢ ᠪᠠᠷᠢᠮᠳᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ᠂ ᠰᠢᠨ᠎ᠡ ᠴᠠᠭ ᠦᠶ᠎ᠡ ᠶᠢᠨ ᠰᠢᠨ᠎ᠡ ᠬᠠᠭᠤᠳᠠᠰᠦ  ᠶᠢ ᠴᠢᠷᠮᠠᠶᠢᠨ ᠪᠢᠴᠢᠭᠯᠡᠬᠦ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠨ᠎ᠡ ᠬᠡᠵᠦ ᠢᠯᠡᠷᠬᠡᠶᠢᠯᠡᠭᠰᠡᠨ ᠪᠠᠶᠢᠨ᠎ᠠ᠃
     ᠬᠤᠰᠢᠭᠤ ᠲᠡᠳ᠋ ᠲᠠᠷᠤᠭ᠎ᠠ᠂ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠵᠤᠤ ᠯᠢᠶᠠᠩ ᠤᠯᠠᠨ ᠢ ᠲᠠᠭᠠᠭᠤᠯᠤᠨ ᠦᠨᠳᠦᠰᠦᠨ ᠬᠠᠥᠯᠢ ᠳᠤ ᠲᠠᠩᠭᠠᠷᠢᠭ ᠬᠢᠭᠰᠡᠨ ᠪᠠᠶᠢᠨ᠎ᠠ᠃ ᠶᠤᠰᠤᠯᠠᠯ ᠤᠨ ᠲᠠᠷᠠᠭ᠎ᠠ᠂ ︽ᠦᠨᠳᠦᠰᠦᠨ ᠬᠠᠥᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠬᠠᠥᠯᠢ ᠪᠠᠷ ᠵᠠᠰᠠᠬᠤ ᠤᠷᠠᠨ ᠪᠢᠴᠢᠯᠭᠡ ᠬᠡᠷᠡᠯ ᠵᠢᠷᠤᠭ ᠤᠨ ᠨᠡᠶᠢᠬᠡᠮᠯᠢᠭ ᠤᠨ ᠬᠡᠰᠢᠬᠦᠨ ᠠᠬᠤᠢ ᠲᠠᠯᠠᠪᠠᠢ ᠳᠤ ᠪᠢᠴᠢᠭᠡᠰᠦ ᠪᠢᠴᠢᠵᠦ᠂ ᠤᠯᠠᠭᠠᠠᠮᠦᠴᠢᠷ ᠤᠨ ᠲᠤᠭᠯᠠᠭᠴᠢᠳ ᠠᠴᠠ ︽ᠬᠠᠥᠯᠢ ᠪᠠᠷ ᠵᠠᠰᠠᠬᠤ ᠤᠯᠠᠭᠠᠠᠮᠦᠴᠢᠷ︾ ᠤᠨ  ᠦᠨᠳᠦᠰᠦᠨ ᠬᠠᠥᠯᠢ ᠶᠢ ᠤᠬᠠᠭᠤᠯᠵᠦ ᠠᠷᠠᠳ ᠢ ᠬᠠᠷᠠᠭᠠᠯᠵᠠᠬᠤ ᠲᠤᠭᠯᠠᠯᠳᠠ ᠭᠠᠷᠭᠠᠨ᠂ ᠠᠬᠤᠢ ᠲᠠᠯᠠᠪᠠᠢ ᠳᠤ ᠪᠠᠰᠠ ᠱᠠᠩᠨᠠᠯ ᠲᠠᠢ ᠠᠰᠠᠭᠤᠯᠳᠠ  ᠬᠠᠷᠢᠭᠤᠯᠬᠤ ᠬᠦᠳᠡᠯᠭᠡᠭᠡᠨ ᠶᠠᠪᠤᠭᠳᠠᠭᠤᠯᠵᠦ᠂ ᠤᠯᠠᠨ ᠢᠶᠠᠷ ᠢᠶᠠᠨ ᠢᠳᠡᠪᠬᠢᠳᠡᠢ ᠤᠷᠤᠯᠴᠠᠵᠠᠢ᠃
     ᠤᠶᠢᠯᠠᠭᠠᠭᠰᠠᠨ ᠢᠶᠠᠷ᠂ ᠲᠤᠰ ᠤᠳᠠᠭᠠᠨ ᠤ ᠦᠨᠳᠦᠰᠦᠨ ᠬᠠᠥᠯᠢ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ᠮᠠᠨ ᠤ ᠬᠤᠰᠢᠭᠤ ᠪᠠᠰᠠ ᠲᠤᠰᠬᠠᠢ ᠰᠡᠳᠦᠪᠳᠦ ᠠᠵᠢᠯᠯᠠᠭ᠎ᠠ ᠡᠷᠬᠢᠯᠡᠬᠦ᠂ ᠦᠨᠳᠦᠰᠦᠨ ᠬᠠᠥᠯᠢ ᠶᠢ ᠰᠦᠯᠵᠢᠶᠡᠨ ᠲᠡᠭᠡᠷ᠎ᠡ ᠤᠬᠤᠷ ᠸᠢᠳᠢᠤ᠋ ᠪᠠᠷ ᠤᠬᠠᠭᠤᠯᠬᠤ ᠵᠡᠷᠭᠡ ᠲᠤᠰᠬᠠᠢ ᠰᠡᠳᠦᠪᠳᠦ ᠠᠵᠢᠯᠯᠠᠭ᠎ᠠ ᠦᠷᠨᠢᠬᠦᠯᠵᠦ᠂ ᠦᠨᠳᠦᠰᠦᠨ ᠬᠠᠥᠯᠢ ᠶᠢ ᠦᠷᠭᠦᠯᠵᠢᠯᠡᠨ ᠰᠤᠷᠤᠯᠴᠠᠵᠦ᠂ ᠦᠨᠳᠦᠰᠦᠨ ᠬᠠᠥᠯᠢ ᠶᠢᠨ ᠵᠤᠷᠢᠭ ᠰᠠᠨᠠᠭ᠎ᠠ ᠶᠢ ᠠᠷᠠᠳ ᠤᠯᠠᠨ ᠳᠤ ᠨᠡᠩ ᠬᠦᠨᠵᠡᠬᠡᠢ ᠤᠬᠠᠭᠤᠯᠤᠨ ᠰᠤᠷᠳᠠᠯᠴᠢᠯᠠᠬᠤ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号