ᠰᠢ ᠶᠢᠨ ᠫᠢᠩ 2021·ᠬᠥᠭᠵᠢᠵᠦ ᠪᠠᠶᠢᠭ᠎ᠠ ᠤᠯᠤᠰ ᠤᠳ ᠤᠨ ᠬᠥᠮᠦᠨ ᠤ ᠡᠷᠬᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/12/9
     12 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2021·ᠬᠥᠭᠵᠢᠵᠦ ᠪᠠᠶᠢᠭ᠎ᠠ ᠤᠯᠤᠰ ᠤᠳ ᠤᠨ ᠬᠥᠮᠦᠨ ᠤ ᠡᠷᠬᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠬᠥᠮᠦᠨ ᠤ ᠡᠷᠬᠡ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠪᠡᠯᠭᠡ ᠲᠡᠮᠳᠡᠭ ᠮᠥᠨ᠃ ᠬᠥᠮᠦᠨ ᠤ ᠠᠮᠢ ᠨᠠᠰᠤ᠂ ᠦᠨ᠎ᠡ ᠦᠷᠲᠡᠭ ᠪᠠ ᠨᠡᠷ᠎ᠡ ᠬᠦᠨᠳᠦ ᠶᠢ ᠬᠠᠮᠠᠭᠠᠯᠠᠵᠤ᠂ ᠬᠥᠮᠦᠨ ᠪᠦᠬᠦᠨ ᠬᠥᠮᠦᠨ ᠤ ᠡᠷᠬᠡ ᠶᠢ ᠡᠳ᠋ᠯᠡᠬᠦ ᠶᠢ ᠪᠡᠶᠡᠯᠡᠭᠦᠯᠬᠦ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠬᠠᠮᠲᠤ ᠶᠢᠨ ᠬᠥᠭᠡᠭᠡᠴᠡᠯᠳᠦᠯ ᠮᠥᠨ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠬᠤ ᠪᠣᠯ ᠴᠠᠭ ᠦᠶ᠎ᠡ ᠠᠴᠠ ᠳᠡᠯᠡᠬᠡᠢ ᠶᠢᠨ ᠡᠯ᠎ᠡ ᠤᠯᠤᠰ ᠲᠤ ᠣᠯᠭᠤᠭᠰᠠᠨ ᠬᠠᠷᠢᠭᠤᠴᠠᠯᠭ᠎ᠠ ᠮᠥᠨ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠤᠯ ᠢᠮᠠᠭᠲᠠ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠦᠷᠦ ᠶᠢᠨ ᠨᠠᠮ ᠮᠥᠨ᠃ ᠳᠤᠮᠳᠠᠳᠤ ᠤᠯᠤᠰ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠵᠤ᠂ ᠬᠥᠭᠵᠢᠯᠲᠡ ᠪᠠᠷ ᠬᠥᠮᠦᠨ ᠤ ᠡᠷᠬᠡ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠠᠬᠢᠭᠤᠯᠵᠤ᠂ ᠬᠥᠮᠦᠨ ᠤ ᠡᠷᠬᠡ ᠴᠢᠯᠥᠭᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠴᠠᠭ ᠦᠶ᠎ᠡ ᠶᠢᠨ ᠤᠷᠤᠰᠬᠠᠯ ᠳᠤ ᠨᠡᠶᠢᠴᠡᠭᠰᠡᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢ ᠠᠮᠵᠢᠯᠲᠠ ᠲᠠᠢ ᠨᠡᠬᠡᠬᠡᠵᠤ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠢᠯᠡᠰ ᠢ ᠠᠬᠢᠭᠤᠯᠬᠤ ᠲᠠᠯ᠎ᠠ ᠪᠠᠷ ᠢᠯᠡᠳᠲᠡ ᠠᠮᠵᠢᠯᠲᠠ ᠣᠯᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠬᠥᠮᠦᠨ ᠤ ᠡᠷᠬᠡ ᠶᠢᠨ ᠪᠠᠲᠤᠯᠠᠭ᠎ᠠ ᠶᠢᠨ ᠲᠠᠯ᠎ᠠ ᠪᠠᠷ ᠬᠢ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠠ ᠦᠭᠡᠢ ᠴᠢᠩᠭᠠᠷᠠᠪᠠ᠃ ᠬᠥᠮᠦᠨ ᠤ ᠡᠷᠬᠡ ᠶᠢᠨ ᠦᠢᠯᠡᠳᠦᠯᠭᠡ ᠪᠣᠯ ᠤᠯᠠᠨ ᠶᠠᠩᠵᠤ ᠶᠢᠨ ᠪᠠᠶᠢᠳᠠᠭ᠃ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠤᠰ ᠤᠯᠤᠰ ᠤᠨ ᠢᠶᠠᠨ ᠪᠠᠶᠢᠳᠠᠯ ᠳᠤ ᠲᠤᠬᠢᠷᠠᠭᠰᠠᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠵᠤ ᠰᠣᠩᠭᠤᠬᠤ ᠶᠣᠰᠣᠲᠠᠢ ᠪᠥᠭᠡᠳ ᠰᠣᠩᠭᠤᠵᠤ ᠴᠤ ᠴᠢᠳᠠᠬᠤ ᠶᠤᠮ᠃ ᠳᠤᠮᠳᠠᠳᠤ ᠤᠯᠤᠰ ᠳᠤᠷᠠᠲᠠᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃      2021·ᠬᠥᠭᠵᠢᠵᠦ ᠪᠠᠶᠢᠭ᠎ᠠ ᠤᠯᠤᠰ ᠤᠳ ᠤᠨ ᠬᠥᠮᠦᠨ ᠤ ᠡᠷᠬᠡ ᠶᠢᠨ ᠶᠠᠷᠢᠶᠠᠨ ᠤ ᠲᠠᠪᠴᠠᠩ ᠲᠤᠰ ᠡᠳᠦᠷ ᠪᠡᠭᠡᠵᠢᠩ ᠳᠤ ᠡᠬᠢᠯᠡᠪᠡ᠃ ︽ᠠᠷᠠᠳ ᠲᠦᠮᠡᠨ ᠢ ᠳᠡᠭᠡᠳᠦᠯᠡᠬᠦ ᠬᠢᠬᠡᠳ ᠪᠦᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ︾ ᠪᠠᠷ ᠭᠤᠣᠯ ᠰᠡᠳᠦᠪ ᠪᠤᠯᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠪᠣᠯᠤᠨ ᠭᠠᠳᠠᠭᠠᠳᠤ ᠶᠠᠪᠤᠳᠠᠯ ᠤᠨ ᠶᠠᠮᠤᠨ ᠬᠠᠮᠲᠤ ᠪᠠᠷ ᠭᠤᠣᠯᠯᠠᠨ ᠡᠷᠬᠢᠯᠡᠪᠡ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号