ᠪᠤᠭᠤᠷᠤᠯ ᠲᠣᠯᠣᠭᠠᠢ ᠥᠲᠡᠯᠪᠡᠴᠦ ᠤᠯᠠᠭᠠᠨ ᠰᠡᠳᠬᠢᠯ ᠪᠤᠢ᠂ ᠹᠦ᠋ ᠶᠢᠨ ᠠᠯᠤᠰ ᠤᠨ ᠲᠥᠯᠥᠪ ᠲᠤ ᠲᠦᠮᠡᠨ | ᠭᠠᠵᠠᠷ ᠤᠨ ᠵᠢᠷᠦᠬᠡ ᠪᠤᠢ .᠃ ᠬᠤᠳᠠ ᠶᠢᠨ ᠨᠡᠩ ᠰᠠᠶᠢᠨ ᠲᠠᠪᠴᠠᠩ ᠪᠣᠯᠤᠨ ᠠᠵᠠ ᠲᠣᠬᠢᠶᠠᠯ ᠢ ᠲᠠᠶᠠᠭᠳᠠᠵᠤ᠂ | ᠠᠵᠢᠯ ᠠᠴᠠ ᠪᠠᠨ ᠲᠠᠷᠬᠠᠯᠠᠬᠳᠠᠬᠰᠠᠨ ᠬᠥᠮᠦᠰ ᠨᠤᠲᠤᠭ ᠲᠠᠭᠠᠨ ᠪᠤᠴᠠᠵᠤ ᠡᠮᠴᠢᠯᠡᠬᠦ ᠪᠠ ᠰᠤᠳᠤᠯᠬᠤ ᠶᠢ ᠪᠠᠷᠢᠮᠲᠠᠯᠠᠵᠤ | ᠂ ᠴᠡᠪᠡᠭᠡᠵᠠᠪ ᠠᠵᠢᠯ ᠠᠴᠠ ᠪᠠᠨ ᠲᠠᠷᠬᠠᠯᠠᠬᠳᠠᠬᠰᠠᠨ 4 ᠵᠢᠯ ᠤᠨ ᠲᠤᠷᠰᠢ ᠨᠤᠲᠤᠭ ᠤᠰᠤ ᠪᠠᠨ ᠰᠠᠬᠢᠨ ᠬᠠᠮᠠᠭᠠᠯᠠᠵᠤ᠂ | ᠡᠮᠴᠢᠯᠡᠭᠡᠨ ᠤ ᠮᠡᠷᠭᠡᠵᠢᠯ ᠢᠶᠠᠷ ᠢᠶᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠭᠰᠠᠭᠠᠷ ᠢᠷᠡᠵᠠᠢ᠃ | | ᠴᠡᠪᠡᠭᠵᠠᠪ1978 ᠣᠨ ᠤ 3 ᠰᠠᠷ᠎ᠠ ᠳᠤ ᠥᠪᠥᠷ ᠮᠣᠩᠭᠤᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ | ᠬᠢᠲᠠᠳ ᠮᠣᠩᠭᠤᠯ ᠡᠮᠨᠡᠯᠭᠡ ᠶᠢᠨ ᠰᠠᠯᠪᠤᠷᠢ ᠶᠢᠨ ᠮᠣᠩᠭᠤᠯ ᠡᠮᠨᠡᠯᠭᠡ ᠶᠢᠨ ᠲᠤᠰᠬᠠᠢ ᠮᠡᠷᠭᠡᠵᠢᠯ ᠳᠤ ᠰᠢᠯᠭᠠᠨ ᠣᠷᠣᠵᠤ | ᠰᠤᠷᠤᠯᠴᠠᠭᠠᠳ᠂ 1982 ᠣᠨ ᠤ 12 ᠰᠠᠷ᠎ᠠ ᠳᠤ ᠲᠡᠭᠦᠰᠦᠭᠡᠳ ᠰᠤᠷᠭᠠᠭᠤᠯᠢ ᠳᠠᠭᠠᠨ ᠦᠯᠡᠳᠡᠵᠦ ᠪᠠᠭᠰᠢᠯᠠᠪᠠ᠂ | ᠡᠨᠡ ᠨᠢ ᠭᠤᠴᠢ ᠭᠠᠷᠤᠢ ᠵᠢᠯ ᠪᠣᠯᠵᠠᠢ᠃ 30 ᠭᠠᠷᠤᠢ ᠵᠢᠯ ᠤᠨ ᠠᠵᠢᠯ ᠤᠨ ᠳᠤᠮᠳᠠ᠂ ᠴᠡᠪᠡᠭᠡᠵᠠᠪ ᠤᠷᠢᠳ ᠢᠶᠠᠷ | ᠵᠢᠭᠠᠨ ᠰᠤᠷᠭᠠᠯᠲᠠ ᠪᠠ ᠡᠮᠴᠢᠯᠡᠭᠡ ᠪᠠᠷ ᠭᠤᠣᠯ ᠪᠣᠯᠭᠠᠵᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠳᠠᠭᠠᠯᠳᠤᠨ᠂ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢ ᠡᠮᠨᠡᠯᠭᠡ ᠶᠢᠨ ᠶᠡᠭᠡ ᠰᠤᠷᠭᠠᠭᠤᠯᠢ ᠪᠣᠯᠭᠠᠨ | ᠳᠡᠭᠡᠭᠰᠢᠯᠡᠭᠦᠯᠵᠦ᠂ ᠮᠠᠰᠢ ᠤᠯᠠᠨ ᠰᠢᠨ᠎ᠡ ᠰᠢᠨᠵᠢᠯᠡᠭᠡᠨ ᠤ ᠰᠠᠯᠠᠭ᠎ᠠ ᠶᠢ ᠨᠡᠮᠡᠨ ᠪᠠᠶᠢᠭᠤᠯᠵᠤ᠂ ᠲᠡᠷᠡ ᠪᠠᠰᠠ | ᠠᠰᠫᠢᠷᠠᠨᠲ ᠤᠨ ᠵᠢᠭᠠᠨ ᠰᠤᠷᠭᠠᠯᠲᠠ ᠪᠠ ᠬᠥᠮᠦᠵᠢᠭᠦᠯᠦᠯ ᠤᠨ ᠰᠢᠨ᠎ᠡ ᠠᠵᠢᠯ ᠳᠤ ᠬᠦᠴᠦᠯᠡᠨ ᠴᠢᠷᠮᠠᠶᠢᠪᠠ᠃ | | ᠪᠠᠭᠰᠢᠯᠠᠵᠤ ᠪᠠᠶᠢᠭᠰᠠᠨ ᠬᠤᠭᠤᠴᠠᠭᠠᠨ ᠳᠤ᠂ ᠲᠡᠭᠦᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ | ᠮᠥᠩᠭᠦᠨ ᠤ ᠲᠥᠰᠦᠯ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ᠠᠨᠠᠭᠠᠬᠤ ᠤᠬᠠᠭᠠᠨ ᠤ ᠪᠤᠳᠢ︾ ᠶᠢᠨ | ᠰᠤᠳᠤᠯᠭᠠᠨ ᠤ ᠨᠠᠶᠢᠷᠠᠭᠤᠯᠬᠤ ᠺᠣᠮᠢᠰ ᠤᠨ ᠭᠡᠰᠢᠭᠦᠨ ᠪᠠᠶᠢᠪᠠ︔ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠳᠤ ᠳᠠᠩᠰᠠᠯᠠᠭᠤᠯᠤᠭᠰᠠᠨ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ︽ᠤᠯᠤᠰ ᠤᠨ ᠮᠣᠩᠭᠤᠯ ᠡᠮ ᠤᠨ ᠠᠵᠢᠯ ᠡᠷᠬᠢᠯᠡᠬᠦ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ | ᠰᠡᠳᠦᠪ ᠤᠨ ᠬᠥᠮᠥᠷᠭᠡ︾ ᠶᠢ ᠨᠠᠶᠢᠷᠠᠭᠤᠯᠤᠨ ᠪᠢᠴᠢᠬᠦ ᠳᠤ ᠣᠷᠣᠯᠴᠠᠨ᠎ᠠ︔ ︽ᠳᠤᠮᠳᠠᠳᠤ ᠶᠢᠨ ᠠᠨᠠᠭᠠᠬᠤ | ᠤᠬᠠᠭᠠᠨ ᠤ ᠨᠡᠪᠲᠡᠷᠬᠡᠢ ᠲᠤᠯᠢ︾ ᠶᠢᠨ ᠮᠣᠩᠭᠤᠯ ᠠᠨᠠᠭᠠᠬᠤ ᠤᠬᠠᠭᠠᠨ ᠤ ᠪᠤᠳᠢ᠂ ︽ᠮᠣᠩᠭᠤᠯ ᠠᠨᠠᠭᠠᠬᠤ | ᠤᠬᠠᠭᠠᠨ ᠤ ᠣᠨᠣᠰᠢᠯᠠᠯᠲᠠ ᠶᠢᠨ ᠤᠬᠠᠭᠠᠨ︾ ᠤ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠳᠠᠷᠤᠭ᠎ᠠ᠃ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ 3 | ᠵᠢᠭᠠᠬᠤ ᠮᠠᠲ᠋ᠧᠷᠢᠶᠠᠯ ᠢ ᠨᠠᠶᠢᠷᠠᠭᠤᠯᠤᠨ᠂ ︽ᠬᠠᠴᠢᠨ ᠭᠠᠶᠢᠬᠠᠮᠰᠢᠭᠲᠠᠢ ᠨᠠᠶᠢᠷ ᠤᠨ ᠡᠷᠳᠡᠨᠢᠰ ᠤᠨ ᠰᠠᠩ︾ ᠭᠡᠬᠦ | ᠨᠣᠮ ᠢ ᠰᠢᠯᠵᠢᠭᠦᠯᠦᠨ ᠪᠢᠴᠢᠵᠦ ᠲᠠᠶᠢᠯᠪᠤᠷᠢᠯᠠᠬᠤ ᠠᠵᠢᠯ ᠢ ᠪᠡᠶᠡᠯᠡᠭᠦᠯᠪᠡ᠃ ᠤᠯᠤᠰ ᠤᠨ ᠲᠡᠰ ᠤᠨ ᠭᠤᠣᠯ ᠪᠣᠯᠬᠤ | ᠰᠡᠳᠬᠦᠯ ᠳᠡᠭᠡᠷ᠎ᠡ 20 ᠭᠠᠷᠤᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠪᠡ᠃ 2017 ᠣᠨ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠶ᠋ᠯ ︽ᠮᠣᠩᠭᠤᠯ ᠡᠮ ᠤᠨ ᠮᠠᠲ᠋ᠧᠷᠢᠶᠠᠯ ᠤᠨ ᠵᠠᠭᠪᠤᠷ ᠮᠣᠩᠭᠤᠯ ᠬᠢᠲᠠᠳ ᠬᠡᠯᠡᠨ ᠤ ᠡᠬᠢ ᠪᠠᠶᠠᠯᠢᠭ ᠤᠨ ᠬᠥᠮᠥᠷᠭᠡ︾ | ᠶᠢᠨ ᠬᠡᠷᠡᠭᠯᠡᠭᠡᠨ ᠤ ᠵᠥᠭᠡᠯᠡᠨ ᠲᠣᠨᠤᠭ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠠᠵᠢᠯ ᠢ ᠡᠭᠦᠷᠭᠡᠯᠡᠪᠡ᠃ | | 30 ᠭᠠᠷᠤᠢ ᠵᠢᠯ ᠤᠨ ᠠᠵᠢᠯ ᠤᠨ ᠳᠤᠮᠳᠠ᠂ ᠲᠡᠭᠦᠨ ᠤ ᠶᠡᠭᠡ ᠰᠤᠷᠭᠠᠭᠤᠯᠢ ᠳᠤ ᠰᠤᠷᠤᠯᠴᠠᠬᠤ ᠪᠠᠷ | ᠣᠴᠢᠬᠤ ᠦᠶ᠎ᠡ ᠶᠢᠨ ᠨᠤᠲᠤᠭ ᠤᠨ ᠠᠬ᠎ᠠ ᠳᠡᠭᠦᠦ ᠨᠡᠷ ᠤᠨ ᠢᠶᠠᠨ ᠨᠠᠶᠢᠳᠠᠯᠭ᠎ᠠ ᠶᠢ ᠲᠡᠷᠡ ᠢᠮᠠᠭᠲᠠ ᠴᠡᠭᠡᠵᠢᠯᠡᠭᠰᠡᠭᠡᠷ | ᠪᠠᠶᠢᠪᠠ᠃ ︽ᠪᠢ ᠶᠡᠭᠡ ᠰᠤᠷᠭᠠᠭᠤᠯᠢ ᠳᠤ ᠤᠷᠤᠭᠰᠠᠨ ᠲᠡᠷᠡ ᠡᠳᠦᠷ᠂ ᠨᠤᠲᠤᠭ ᠤᠨ ᠬᠥᠮᠦᠰ ᠨᠠᠮᠠᠶᠢ ᠦᠳᠡᠨ | ᠮᠣᠷᠳᠠᠭᠤᠯᠵᠤ᠂ ᠠᠶᠢᠯ ᠡᠷᠦᠬᠡ ᠪᠣᠯᠭᠠᠨ ᠪᠠᠰᠠ ᠬᠡᠳᠦᠨ ᠲᠥᠭᠦᠷᠢᠭ ᠠᠪᠴᠤ᠂ ᠨᠠᠮᠠᠶᠢ ᠰᠠᠶᠢᠲᠤᠷ ᠰᠤᠷᠤᠯᠴᠠᠵᠤ᠂ | ᠰᠤᠷᠤᠯᠭ᠎ᠠ ᠪᠠᠨ ᠲᠡᠭᠦᠰᠬᠡᠭᠰᠡᠨ ᠤ ᠳᠠᠷᠠᠭ᠎ᠠ ᠨᠤᠲᠤᠭ ᠤᠰᠤᠨ ᠤ ᠪᠠᠨ ᠠᠴᠢ ᠶᠢ ᠬᠠᠷᠢᠭᠤᠯᠵᠤ᠂ ᠨᠡᠶᠢᠭᠡᠮ ᠤᠨ | ᠠᠴᠢ ᠶᠢ ᠬᠠᠷᠢᠭᠤᠯᠬᠤ ᠬᠡᠷᠡᠭᠲᠡᠶ ᠭᠡᠵᠦ ᠵᠠᠬᠢᠪᠠ᠃︾ ᠬᠦᠰᠡᠯ ᠨᠠᠶᠢᠳᠠᠯᠭ᠎ᠠ ᠨᠢ ᠲᠡᠭᠦᠨ ᠤ ᠰᠡᠳᠬᠢᠯ ᠳᠤ ᠭᠦᠨ | ᠬᠠᠳᠠᠩᠰᠢᠵᠤ᠂ 2016 ᠣᠨ ᠳᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠲᠡᠷᠡ ᠥᠪᠡᠷ ᠤᠨ ᠨᠤᠲᠤᠭ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠨ ᠪᠤᠴᠠᠵᠤ ᠢᠷᠡᠪᠡ᠃ ᠴᠡᠪᠡᠭᠡᠵᠠᠪ ᠤᠨ ᠦᠭᠡ ᠪᠠᠷ ᠬᠡᠯᠡᠪᠡᠯ | ᠂ ᠣᠳᠣ ᠲᠡᠭᠦᠨ ᠤ ᠨᠤᠲᠤᠭ ᠲᠠᠭᠠᠨ ᠬᠠᠷᠢᠬᠤ ᠶᠢ ᠬᠤᠷᠢᠭᠯᠠᠵᠤ ᠳᠡᠢᠯᠬᠦ ᠶᠠᠭᠤᠮ᠎ᠠ ᠦᠭᠡᠢ ᠪᠣᠯᠵᠠᠶ᠃ | 2016 ᠣᠨ ᠳᠤ ᠴᠡᠪᠡᠭᠡᠵᠠᠪ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠤᠴᠠᠵᠤ ᠢᠷᠡᠭᠰᠡᠨ ᠤ | ᠳᠠᠷᠠᠭ᠎ᠠ᠂ ᠤᠷᠢᠳ ᠢᠶᠠᠷ ᠨᠢᠭᠡ ᠬᠤᠪᠢ ᠬᠥᠮᠦᠨ ᠤ ᠡᠮᠨᠡᠯᠭᠡ ᠳᠤ ᠰᠠᠭᠤᠵᠤ ᠡᠮᠨᠡᠭᠦᠯᠪᠡ᠂ 2020 ᠣᠨ ᠤ 10 | ᠰᠠᠷ᠎ᠠ ᠳᠤ ᠲᠡᠷᠡ ᠪᠠᠰᠠ ᠪᠠᠲᠤᠬᠠᠭᠠᠯᠭ᠎ᠠ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠢᠷᠡᠵᠦ ᠡᠪᠡᠳᠴᠢᠨ ᠦᠵᠡᠵᠦ᠂ ᠡᠪᠡᠳᠴᠢᠨ ᠦᠵᠡᠬᠦ ᠬᠤᠭᠤᠴᠠᠭᠠᠨ ᠳᠤ ᠭᠤᠣᠯᠳᠠᠭᠤ | ᠰᠢᠬᠢᠷ ᠰᠢᠵᠢᠩ ᠡᠪᠡᠳᠴᠢᠨ᠂ ᠬᠡᠷᠡᠬᠦ ᠡᠪᠡᠳᠴᠢᠨ ᠪᠠ ᠬᠡᠷᠡᠬᠦ ᠡᠪᠡᠳᠴᠢᠨ᠂ ᠠᠷᠠᠰᠤᠨ ᠤ ᠡᠪᠡᠳᠴᠢᠨ ᠵᠡᠷᠭᠡ | ᠤᠳᠠᠭᠠᠨ ᠴᠢᠨᠠᠷᠲᠠᠢ ᠡᠪᠡᠳᠴᠢᠨ ᠢ ᠡᠮᠨᠡᠨ ᠵᠠᠰᠠᠪᠠ᠃ ᠴᠡᠪᠡᠭᠡᠵᠠᠪ᠄ ︽ᠮᠠᠨ ᠤ ᠠᠳᠡᠬᠢ ᠠᠷᠠᠳ ᠢᠷᠭᠡᠳ ᠤᠳᠠᠭᠠᠨ | ᠴᠢᠨᠠᠷᠲᠠᠶ ᠡᠪᠡᠳᠴᠢᠨ ᠤ ᠲᠤᠬᠠᠶ ᠲᠠᠨᠢᠯᠲᠠ ᠳᠤᠲᠠᠮᠠᠭ ᠪᠠᠶᠢᠵᠤ᠂ ᠥᠪᠡᠷ ᠤᠨ ᠪᠡᠶ᠎ᠡ ᠶᠢᠨ ᠴᠢᠰᠤᠨ ᠳᠠᠷᠤᠯᠲᠠ | ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠡᠪᠡᠳᠴᠢᠨ ᠡᠮᠭᠡᠭ ᠤᠨ ᠲᠤᠬᠠᠶ ᠶᠠᠮᠠᠷ ᠬᠡᠮᠵᠢᠶᠡᠨ ᠳᠤ ᠬᠦᠷᠲᠡᠯ᠎ᠡ | ᠣᠶᠢᠯᠠᠭᠠᠬᠤ ᠥᠬᠡᠶ ᠪᠠᠶᠢᠨ᠎ᠠ᠂ ᠵᠠᠷᠢᠮ ᠬᠥᠮᠦᠰ ᠪᠠᠰᠠ ᠠᠵᠢᠯ ᠶᠠᠭᠠᠷᠠᠤ ᠪᠤᠶᠤ ᠡᠮᠨᠡᠭᠦᠯᠬᠦ ᠳᠤ ᠳᠥᠭᠦᠮ ᠦᠭᠡᠢ ᠠᠴᠠ | ᠪᠣᠯᠵᠣ ᠥᠪᠡᠷ ᠤᠨ ᠡᠪᠡᠳᠴᠢᠨ ᠤ ᠪᠠᠶᠢᠳᠠᠯ ᠤᠨ ᠢᠶᠠᠨ ᠬᠥᠭᠵᠢᠯᠲᠡ ᠶᠢ ᠣᠮᠲᠣᠭᠠᠶᠢᠯᠠᠵᠤ ᠪᠠᠶᠢᠨ᠎ᠠ᠂ ᠪᠢ ᠡᠨᠡ | ᠲᠠᠯ᠎ᠠ ᠪᠠᠷ ᠲᠡᠳᠡᠨ ᠳᠤ ᠢᠯᠡᠭᠦᠬᠡᠨ ᠤᠬᠠᠭᠤᠯᠭ᠎ᠠ ᠬᠥᠮᠦᠵᠢᠯ ᠬᠢᠬᠦ ᠶᠢ ᠬᠦᠰᠡᠵᠦ ᠪᠠᠶᠢᠨ᠎ᠠ᠃︾᠃ | | ᠲᠡᠭᠦᠨ ᠤ ᠡᠮᠴᠢᠯᠡᠭᠡᠨ ᠤ ᠲᠠᠰᠤᠭ ᠲᠤ ᠬᠡᠮᠡᠷᠯᠢᠭ ᠲᠤᠭ ᠬᠡᠳᠦ ᠬᠡᠳᠦᠨ ᠡᠯᠭᠦᠵᠡᠶ᠂ ᠡᠳᠡᠭᠡᠷ ᠬᠡᠮᠡᠷᠯᠢᠭ | ᠲᠤᠭ ᠨᠢ ᠡᠪᠡᠳᠴᠢᠲᠡᠨ ᠤ ᠪᠦᠬᠡᠵᠠᠪ ᠤᠨ ᠵᠥᠪᠰᠢᠶᠡᠷᠡᠯ ᠢ ᠬᠠᠷᠠᠭᠤᠯᠵᠤ ᠪᠠᠶᠢᠨ᠎ᠠ᠃ ᠦᠯᠵᠡᠶᠢᠰᠠᠩ ᠪᠣᠯ ᠳᠠᠷᠤᠶ | ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ 2018 ᠣᠨ ᠤ 6 ᠰᠠᠷ᠎ᠠ ᠳᠤ᠂ ᠥᠯᠵᠡᠶᠢᠰᠠᠩ ᠤᠨ ᠪᠡᠶ᠎ᠡ ᠳᠡᠭᠡᠷ᠎ᠡ | ᠭᠡᠨᠡᠳᠲᠡ ᠤᠯᠠᠶᠢᠵᠤ ᠵᠠᠭᠠᠲᠤᠨᠠᠭᠠᠳ ᠭᠤᠤᠵᠢᠪᠠ᠃ ︽ᠬᠡᠲᠦ ᠬᠡᠳᠦᠨ ᠡᠮᠨᠡᠯᠭᠡ ᠶᠢᠨ ᠬᠤᠷᠢᠶ᠎ᠠ ᠳᠤ ᠬᠦᠷᠴᠦ | ᠡᠮᠨᠡᠯᠭᠡ ᠳᠤ ᠰᠠᠭᠤᠭᠰᠠᠨ ᠤ ᠳᠠᠷᠠᠭ᠎ᠠ᠂ ᠡᠪᠡᠳᠴᠢᠨ ᠤ ᠪᠠᠶᠢᠳᠠᠯ ᠨᠢ ᠨᠠᠮᠳᠠᠭᠰᠠᠨ ᠥᠬᠡᠶ᠂ ᠰᠡᠭᠦᠯᠡᠷ ᠨᠢ ᠪᠠᠰᠠ | ᠬᠠᠯᠠᠭᠤᠨ ᠷᠠᠰᠢᠶᠠᠨ ᠳᠤ ᠣᠷᠣᠵᠤ᠂ ᠬᠢᠲᠠᠳ ᠡᠮ ᠤᠸᠤᠤᠤᠭ ᠰᠡᠭᠦᠯ ᠳᠤ ᠨᠠᠶᠢᠵᠠ ᠶᠢᠨ ᠢᠶᠠᠨ ᠲᠠᠨᠢᠯᠴᠠᠭᠤᠯᠭ᠎ᠠ ᠪᠠᠷ | ᠡᠮᠴᠢ ᠶᠢ ᠨᠢ ᠡᠷᠢᠵᠦ ᠣᠯᠵᠠᠶ᠂ ᠪᠢ ᠡᠮᠴᠢ ᠶᠢᠨ ᠢᠶᠠᠨ ᠠᠳᠡ ᠠᠴᠠ ᠪᠠᠷᠤᠭ 7 ᠰᠠᠷ᠎ᠠ ᠶᠢᠨ ᠮᠣᠩᠭᠤᠯ ᠡᠮ | ᠤᠤᠭᠤᠵᠤ᠂ ᠠᠭᠠᠵᠢᠮ ᠢᠶᠠᠷ ᠰᠠᠶᠢᠵᠢᠷᠠᠵᠤ᠂ ᠣᠲᠣ ᠪᠦᠷᠢᠮᠦᠰᠦᠨ ᠡᠳᠡᠭᠡᠷᠡᠵᠡᠶ︕︾ ᠭᠡᠵᠦ ᠥᠯᠵᠡᠶᠢᠰᠠᠩ | ᠰᠤᠷᠪᠤᠯᠵᠢᠯᠠᠭᠴᠢ ᠳᠤ ᠬᠡᠯᠡᠪᠡ᠃ | ᠤᠤᠨᠡᠨ ᠵᠠᠰᠠᠬᠤ ᠠᠴᠠ ᠭᠠᠳᠠᠨ᠎ᠠ᠂ ᠰᠤᠯᠠ ᠰᠡᠯᠡᠭᠦᠤ ᠴᠠᠭ ᠢᠶᠠᠨ ᠠᠵᠡᠭᠦᠦᠤ ᠬᠥᠯ ᠡᠪᠡᠳᠬᠦ ᠵᠡᠷᠭᠡ | ᠤᠳᠠᠭᠠᠨ ᠴᠢᠨᠠᠷᠲᠠᠶ ᠸᠢᠷᠦ᠋ᠰ ᠢ ᠵᠠᠰᠠᠬᠤ ᠳᠤ ᠨᠡᠯᠢᠶᠡᠳ ᠶᠡᠭᠡ ᠨᠥᠯᠥᠭᠡ ᠲᠠᠢ᠂ ᠢᠯᠠᠩᠭᠤᠶ᠎ᠠ ᠬᠤᠳᠣᠭᠤᠳᠣᠨ ᠳᠤ | ᠮᠠᠰᠢ ᠶᠡᠭᠡ ᠰᠡᠳᠦᠯᠲᠡ ᠥᠭᠲᠡᠭ᠃ ᠣᠯᠠᠨ ᠵᠢᠯ ᠤᠨ ᠡᠮᠴᠢᠯᠡᠭᠡᠨ ᠤ ᠠᠵᠢᠭᠯᠠᠯᠲᠠ ᠪᠠᠷ ᠳᠠᠮᠵᠢᠨ᠂ ᠲᠡᠭᠦᠨ ᠤ | ᠮᠣᠩᠭᠤᠯ ᠡᠮ ᠨᠢ ᠬᠡᠷᠡᠬᠦ ᠡᠪᠡᠳᠴᠢᠨ᠂ ᠬᠡᠷᠡᠬᠦ ᠡᠪᠡᠳᠴᠢᠨ ᠵᠢᠴᠢ ᠬᠥᠯ ᠨᠢᠷᠤᠭᠤ ᠡᠪᠡᠳᠬᠦ ᠶᠢ ᠵᠠᠰᠠᠬᠤ ᠳᠤ ᠮᠠᠰᠢ | ᠰᠠᠶᠢᠨ ᠦᠷ᠎ᠡ ᠳ᠋ᠦᠩ ᠲᠠᠢ ᠭᠡᠳᠡᠭ ᠢ ᠣᠯᠵᠤ ᠮᠡᠳᠡᠵᠡᠢ᠃ ᠲᠠᠩ ᠭᠠᠭᠴᠠ ᠮᠣᠩᠭᠤᠯ ᠡᠮ ᠢᠶᠠᠷ ᠡᠮᠨᠡᠨ ᠵᠠᠰᠠᠬᠤ᠂ | ᠮᠣᠩᠭᠤᠯ ᠡᠮ ᠢ ᠵᠡᠭᠦᠤ ᠲᠥᠭᠡᠨᠡᠯᠭᠡ ᠪᠠᠷ ᠡᠮᠨᠡᠨ ᠵᠠᠰᠠᠬᠤ᠂ ᠮᠣᠩᠭᠤᠯ ᠡᠮ ᠢ ᠤᠶᠠᠯᠳᠤᠭᠤᠯᠤᠨ ᠡᠮᠲᠦ | ᠤᠬᠢᠶᠠᠯᠭ᠎ᠠ ᠪᠠᠷ ᠡᠮᠨᠡᠨ ᠵᠠᠰᠠᠬᠤ ᠵᠡᠷᠭᠡ ᠬᠡᠳᠦᠨ ᠵᠦᠶ᠋ᠯ ᠤᠨ ᠡᠮᠨᠡᠨ ᠵᠠᠰᠠᠬᠤ ᠠᠷᠭ᠎ᠠ ᠪᠠᠷ ᠳᠠᠮᠵᠢᠭᠤᠯᠤᠨ᠂ ᠣᠯᠠᠩᠬᠢ | ᠡᠪᠡᠳᠴᠢᠲᠡᠨ ᠳᠤ ᠳᠣᠭᠢᠷᠠᠬᠤ᠂ ᠬᠤᠤᠷ ᠨᠥᠯᠥᠭᠡ ᠪᠠᠷ ᠬᠠᠮᠤᠭ ᠤᠨ ᠪᠠᠭ᠎ᠠ᠂ ᠬᠠᠮᠤᠭ ᠤᠨ ᠪᠦᠲᠦᠮᠵᠢᠲᠡᠶ ᠡᠮᠨᠡᠨ | ᠵᠠᠰᠠᠬᠤ ᠲᠥᠰᠦᠯ ᠢ ᠰᠣᠩᠭᠤᠨ ᠭᠠᠷᠭᠠᠨ᠎ᠠ᠃ | ᠶᠡᠭᠡ ᠰᠤᠷᠭᠠᠭᠤᠯᠢ ᠶᠢᠨ ᠫᠷᠣᠫᠧᠰᠰᠤᠷ᠂ ᠠᠰᠫᠢᠷᠠᠨᠲ ᠤᠨ ᠵᠢᠯᠣᠭᠤᠳᠣᠭᠴᠢ ᠪᠠᠭᠰᠢ ᠪᠣᠯᠤᠭᠰᠠᠨ ᠤ | ᠬᠤᠪᠢ ᠳᠤ᠂ ᠬᠡᠳᠦᠨ ᠠᠷᠪᠠᠨ ᠵᠢᠯ ᠤᠨ ᠡᠯᠪᠡᠭ ᠪᠠᠶᠠᠯᠢᠭ ᠣᠨᠣᠯ ᠪᠠ ᠲᠤᠷᠰᠢᠯᠭ᠎ᠠ ᠲᠠᠢ᠂ ᠲᠡᠭᠦᠨ ᠤ | ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠮᠠᠰᠢ ᠣᠯᠠᠨ ᠵᠠᠮ ᠢ ᠰᠣᠩᠭᠤᠵᠤ ᠪᠣᠯᠤᠨ᠎ᠠ᠃ ᠲᠡᠷᠡ ᠬᠤᠪᠢ ᠶᠢᠨ | ᠡᠮᠨᠡᠯᠭᠡ ᠶᠢᠨ ᠬᠤᠷᠢᠶᠠᠨ ᠳᠤ ᠣᠴᠢᠵᠤ ᠥᠨᠳᠥᠷ ᠴᠠᠯᠢᠩ ᠣᠯᠵᠤ ᠪᠣᠯᠤᠨ᠎ᠠ᠂ ᠪᠠᠰᠠ ᠬᠤᠲᠠ ᠳᠤ ᠵᠢᠷᠭᠠᠯ ᠡᠳ᠋ᠯᠡᠵᠦ | ᠪᠣᠯᠤᠨ᠎ᠠ᠃ ᠭᠡᠲᠡᠯ᠎ᠡ ᠲᠡᠷᠡ ᠬᠠᠷᠢᠨ ᠡᠬᠡ ᠨᠤᠲᠤᠭ ᠲᠠᠭᠠᠨ ᠪᠤᠴᠠᠵᠤ ᠢᠷᠡᠭᠰᠡᠨ ᠨᠢ ᠵᠥᠪᠬᠡᠨ ᠲᠡᠷᠡ ᠬᠦ ᠰᠠᠯᠵᠤ | ᠪᠣᠯᠤᠰᠢ ᠥᠬᠡᠶ ᠡᠬᠡ ᠨᠤᠲᠤᠭ ᠤᠨ ᠬᠠᠶᠢᠷ᠎ᠠ ᠰᠡᠳᠬᠢᠯᠭᠡ ᠶᠢᠨ ᠲᠥᠯᠥᠭᠡ ᠪᠢᠰᠢ᠂ ᠨᠠᠩ ᠴᠤ ᠡᠮᠴᠢ ᠪᠣᠯᠤᠭᠰᠠᠨ ᠤ | ᠬᠤᠪᠢ ᠳᠤ᠂ ᠲᠡᠳᠡᠭᠡᠷ ᠦᠨᠡᠨ ᠬᠦ ᠬᠠᠪᠰᠤᠷᠤᠯᠭ᠎ᠠ ᠴᠢᠬᠤᠯᠠᠲᠠᠶ ᠬᠥᠮᠦᠰ ᠤᠨ ᠡᠮᠦᠨ᠎ᠡ᠂ ᠲᠡᠷᠡ ᠬᠦ ᠰᠠᠨᠠᠭᠠᠰᠢᠷᠠᠯ ᠪᠠ | ᠬᠠᠷᠢᠭᠤᠴᠠᠯᠭ᠎ᠠ ᠪᠠᠨ ᠪᠡᠶᠡᠯᠡᠭᠦᠯᠬᠦ ᠶᠢᠨ ᠲᠥᠯᠥᠭᠡ ᠶᠤᠮ᠃ | |