ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠡᠮᠴᠢ ᠰᠤᠪᠢᠯᠠᠭᠴᠢ ᠶᠢ ᠵᠣᠬᠢᠶᠠᠨ ᠪᠠᠶᠢᠭᠤᠯᠵᠤ ᠶᠠ ᠰᠢᠨ ᠨᠠᠰᠤᠲᠠᠨ ᠢ ᠠᠰᠠᠷᠠᠬᠤ ᠬᠦᠷᠢᠶᠡᠯᠡᠩ ᠳᠤ ᠭᠦᠨᠵᠡᠭᠡᠶᠢᠷᠡᠨ ︽ᠠᠷᠠᠳ ᠢᠷᠭᠡᠳ ᠲᠤ ᠦᠶ᠋ᠯᠡᠴᠢᠯᠡᠬᠦ ᠡᠷᠡᠭᠦᠯ ᠮᠡᠨᠳᠦ ᠶᠢᠨ ᠠᠵᠢᠯᠯᠠᠭ᠎ᠠ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/23
     2 ᠰᠠᠷ᠎ᠠ ᠶᠢᠨ 19 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠨᠠᠮ ᠤᠨ ᠭᠡᠰᠢᠭᠦᠨ᠂ ᠢᠳᠡᠪᠬᠢᠲᠡᠨ ᠵᠢᠴᠢ ᠬᠢᠲᠠᠳ ᠡᠮᠨᠡᠯᠭᠡ ᠶᠢᠨ ᠰᠠᠯᠠᠭ᠎ᠠ᠂ ᠡᠷᠡᠭᠦᠯᠵᠢᠯ ᠤᠨ ᠰᠠᠯᠠᠭ᠎ᠠ᠂ ᠭᠠᠳᠠᠷ ᠡᠮᠨᠡᠯᠭᠡ ᠶᠢᠨ ᠰᠠᠯᠠᠭ᠎ᠠ᠂ ᠳᠣᠲᠣᠷ ᠡᠮᠨᠡᠯᠭᠡ ᠶᠢᠨ ᠰᠠᠯᠠᠭ᠎ᠠ ᠲᠠᠰᠤᠭ ᠤᠨ ᠰᠠᠶᠢᠨ ᠳᠤᠷᠠᠴᠤᠳ ᠶᠠ ᠰᠢᠨ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ︽ᠠᠷᠠᠳ ᠣᠯᠠᠨ ᠤ ᠡᠷᠡᠭᠦᠯ ᠮᠡᠨᠳᠦ ᠳᠤ ᠦᠶ᠋ᠯᠡᠴᠢᠯᠡᠬᠦ ᠠᠵᠢᠯᠯᠠᠭ᠎ᠠ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠷᠡᠭᠦᠯ ᠮᠡᠨᠳᠦ ᠶᠢ ᠨᠠᠰᠤᠲᠠᠨ ᠨᠢᠭᠡᠪᠦᠷᠢ ᠶᠢᠨ ᠳᠡᠷᠭᠡᠳᠡ ᠬᠦᠷᠭᠡᠪᠡ᠃
     ᠮᠠᠨ ᠤ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠨᠠᠰᠤᠲᠠᠨ ᠤ ᠪᠡᠶ᠎ᠡ ᠶᠢᠨ ᠳᠠᠷᠤᠯᠲᠠ ᠶᠢ ᠬᠡᠮᠵᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠵᠢᠷᠦᠬᠡᠨ ᠤ ᠳᠠᠪᠲᠠᠮᠵᠢ ᠶᠢ ᠬᠡᠮᠵᠢᠬᠦ᠂ ᠲᠠᠪᠤᠨ ᠡᠷᠬᠡᠲᠡᠨ ᠢ ᠪᠠᠶᠢᠴᠠᠭᠠᠬᠤ ᠠᠵᠢᠯ ᠢ ᠬᠦᠯᠢᠴᠡᠩᠭᠦᠢ ᠪᠥᠭᠡᠳ ᠨᠠᠷᠢᠨ ᠨᠢᠮᠪᠠᠢ ᠬᠢᠵᠦ᠂ ᠨᠠᠰᠤᠲᠠᠶᠢᠴᠤᠳ ᠤᠨ ᠠᠮᠢᠳᠤᠷᠠᠯ ᠤᠨ ᠳᠠᠳᠬᠠᠯ᠂ ᠢᠳᠡᠭᠡᠨ ᠤᠮᠳᠠᠭᠠᠨ ᠤ ᠪᠠᠶᠢᠳᠠᠯ ᠢ ᠨᠠᠷᠢᠨ ᠨᠢᠮᠪᠠᠢ ᠠᠰᠠᠭᠤᠨ ᠣᠶᠢᠯᠠᠭᠠᠵᠤ᠂ ᠨᠠᠰᠤᠲᠠᠶᠢᠴᠤᠳ ᠲᠤ ᠨᠠᠰᠤᠲᠠᠶᠢᠴᠤᠳ ᠤᠨ ᠡᠷᠡᠭᠦᠯᠵᠢᠯ ᠤᠨ ᠮᠡᠳᠡᠯᠭᠡ ᠶᠢ ᠤᠬᠠᠭᠤᠯᠤᠨ᠂ ᠡᠮ ᠬᠡᠷᠡᠭᠯᠡᠬᠦ ᠠᠷᠭ᠎ᠠ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号