ᠯᠢᠦ ᠬᠠᠶ ᠴᠢᠤᠸᠠᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠲᠠᠪᠤᠳᠤᠭᠠᠷ ᠤᠳᠠᠭᠠᠨ ᠤ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/23
      2 ᠰᠠᠷ᠎ᠠ ᠶᠢᠨ 18 ᠤ ᠤᠷᠤᠢ᠂ ᠳᠠᠷᠬᠠᠨ ᠮᠤᠤᠮᠢᠩᠬᠠᠨ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠲᠠᠪᠤᠳᠤᠭᠠᠷ ᠤᠳᠠᠭᠠᠨ ᠤ ᠬᠤᠷᠠᠯ ᠵᠢᠴᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠵᠢᠴᠢ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠂ ᠪᠦᠬᠦ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠡᠯ᠎ᠡ ᠱᠠᠲᠤ ᠡᠯ᠎ᠡ ᠲᠥᠷᠥᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠬᠠᠷᠢᠭᠤ ᠲᠤᠰᠬᠠᠭᠰᠠᠨ ᠰᠠᠨᠠᠯ ᠢ ᠰᠣᠨᠣᠰᠴᠤ ᠴᠡᠭᠴᠡᠯᠡᠨ ᠰᠠᠶᠢᠵᠢᠷᠠᠭᠤᠯᠪᠠ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢ ᠠᠬᠢᠭᠤᠯᠤᠭᠰᠠᠨ ᠪᠠᠶ᠋ᠳᠠᠯ ᠤᠨ ᠬᠠᠷᠢᠭᠤ ᠮᠡᠳᠡᠭᠦᠯᠦᠯᠲᠡ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠨᠢᠭᠡ ᠤᠳᠠᠭ᠎ᠠ ᠶᠢᠨ ᠭᠦᠨ ᠭᠦᠨᠵᠡᠭᠡᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠪᠠᠶᠢᠭ᠎ᠠ ᠶᠠᠪᠤᠳᠠᠯ ᠮᠥᠨ᠂ ᠴᠠᠭ ᠦᠶ᠎ᠡ ᠠᠴᠠ ᠪᠢᠳᠡᠨ ᠳᠤ ᠳᠠᠭᠠᠭᠠᠯᠭᠠᠭᠰᠠᠨ ᠡᠭᠦᠷᠭᠡ ᠪᠠ ᠡᠭᠦᠷᠭᠡ ᠮᠥᠨ᠃ ᠪᠥᠬᠦ ᠬᠤᠰᠢᠭᠤ ᠳᠠᠶᠠᠭᠠᠷ ᠤᠯᠤᠰ ᠲᠥᠷᠥ ᠶᠢᠨ ᠶᠡᠭᠡ ᠲᠠᠯ᠎ᠠ ᠪᠠ ᠬᠥᠭᠵᠢᠯᠲᠡ ᠶᠢᠨ ᠪᠥᠬᠦ ᠲᠠᠯ᠎ᠠ ᠠᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠲᠠᠨᠢᠵᠤ ᠰᠠᠶᠢᠲᠤᠷ ᠡᠵᠡᠮᠳᠡᠬᠦ ᠬᠡᠷᠡᠭᠲᠡᠶ᠂ ᠭᠦᠨᠵᠡᠭᠡᠶ ᠰᠤᠷᠤᠯᠴᠠᠬᠤ᠂ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠶ᠂ ᠨᠠᠮ ᠤᠨ ᠲᠥᠪ ᠬᠤᠷᠢᠶ᠎ᠠ ᠶᠢ ᠪᠥᠬᠦ ᠬᠦᠴᠦᠨ ᠢᠶᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠤᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠬᠠᠷᠠᠭ᠎ᠠ ᠪᠠᠨ ᠥᠷᠭᠡᠳᠬᠡᠬᠦ᠂ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ᠂ ᠲᠡᠷᠢᠭᠦᠨ ᠵᠡᠷᠭᠡ ᠶᠢᠨ ᠣᠨᠢᠯᠠᠬᠤ᠂ ᠦᠨᠡᠨ ᠬᠦ ᠠᠳᠬᠤᠵᠤ ᠪᠣᠳᠠᠲᠠᠶ ᠬᠢᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠂ ᠦᠷᠭᠦᠯᠵᠢᠯᠡᠨ ᠰᠢᠯᠢᠳᠡᠭᠵᠢᠭᠦᠯᠬᠦ᠂ ᠪᠣᠳᠠᠲᠤ ᠠᠵᠢᠯᠯᠠᠭ᠎ᠠ ᠪᠠ ᠬᠠᠮᠤᠭ ᠤᠨ ᠰᠠᠶᠢᠨ ᠦᠷ᠎ᠡ ᠪᠦᠲᠦᠮᠵᠢ ᠪᠠᠷ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠶᠢ ᠢᠯᠡᠷᠡᠭᠦᠯᠬᠦ ᠬᠡᠷᠡᠭᠲᠡᠶ᠂ ᠤᠯᠤᠰ ᠲᠥᠷᠥ ᠶᠢᠨ ᠤᠬᠠᠮᠰᠠᠷ ᠪᠠ ᠤᠯᠤᠰ ᠲᠥᠷᠥ ᠶᠢᠨ ᠬᠡᠷᠡᠭᠵᠢᠭᠦᠯᠬᠦ ᠬᠦᠴᠦᠨ᠃
     ᠬᠤᠷᠠᠯ ᠠᠴᠠ᠂ ᠱᠢ ᠲᠠᠢ ᠹᠧᠩ ᠱᠦᠵᠢ ᠶᠢᠨ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ᠮᠧᠩ ᠹᠠᠨ ᠯᠢ ᠱᠦᠵᠢ ᠶᠢᠨ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶᠠᠯᠠᠨ ᠬᠠᠷᠭᠤᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠨ ᠠᠴᠠ ᠲᠡᠭᠦᠨ ᠳᠤ ᠬᠦᠷᠲᠡᠯ᠎ᠡ ᠬᠢᠵᠦ᠂ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠵᠦ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠡᠯ᠎ᠡ ᠱᠠᠲᠤᠨ ᠤ ᠡᠯ᠎ᠡ ᠲᠥᠷᠥᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠷᠭᠦᠯᠵᠢᠯᠡᠨ ᠳᠠᠭᠠᠵᠤ᠂ ᠴᠠᠭ ᠲᠣᠭᠲᠠᠭᠠᠨ ᠳ᠋ᠤᠭᠠᠷ ᠢ ᠬᠠᠰᠤᠵᠤ᠂ ᠪᠦᠬᠦᠨ ᠢ ᠴᠡᠪᠡᠷᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠨᠢᠭᠡᠳᠦᠭᠡᠷ ᠥᠭᠡᠷᠡᠴᠢᠯᠡᠯᠲᠡ ᠶᠢᠨ ᠢᠨᠵᠧᠨᠧᠷᠢᠩ︾ ᠪᠣᠯᠭᠠᠵᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠲᠡᠷᠢᠭᠦᠨ ᠵᠡᠷᠭᠡ ᠶᠢᠨ ᠡᠵᠡᠩᠨᠡᠯᠲᠡ ᠶᠢᠨ ᠣᠷᠴᠢᠨ ᠨᠥᠬᠦᠴᠡᠯ᠂ ᠲᠡᠷᠢᠭᠦᠨ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠠᠳᠬᠤᠨ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠡᠷᠬᠡ ᠴᠢᠯᠥᠭᠡ ᠪᠠᠨ ᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃      ᠬᠤᠰᠢᠭᠤᠨ ᠤ ᠤᠳᠤᠷᠢᠳᠤᠯᠭ᠎ᠠ ᠱᠢ ᠵᠦᠩ ᠴᠢᠨ᠂ ᠶᠣᠣ ᠫᠸᠢ ᠴᠢᠩ᠂ ᠯᠢ ᠶᠦᠩ ᠰᠢᠨ᠂  ᠵᠠᠩ ᠪᠠᠭᠠᠨ᠎ᠠ᠂ ᠭᠦᠩ ᠱᠢ ᠯᠢᠶᠠᠩ᠂ ᠭᠡᠷᠡᠯ᠂ ᠮᠥᠩᠬᠡᠪᠠᠭᠠᠲᠤᠷ᠂ ᠶᠠᠩ ᠶᠠᠩ᠂ ᠬᠤᠸᠠᠩ ᠯᠦᠩ᠂ ᠸᠠᠩ ᠪᠦᠦ ᠸᠧᠨ ᠪᠣᠯᠤᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠧᠦ ᠯᠢ ᠵᠢᠶᠦ᠋ᠨ᠂ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠢ ᠴᠢᠤᠸᠠᠨ ᠵᠦ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号