ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠢᠤᠸᠠᠢ ᠰᠥᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/2/23
     2 ᠰᠠᠷ᠎ᠠ ᠶᠢᠨ 20 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ   ᠨᠠᠶᠢᠮᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠭᠦᠶ᠋ᠵᠧᠤ ᠳᠤ ᠰᠢᠨᠵᠢᠯᠡᠨ ᠪᠠᠶᠢᠴᠠᠭᠠᠬᠤ ᠳᠠᠭᠠᠨ ᠴᠠᠭ ᠲᠤᠬᠠᠶ ᠳᠤᠨᠢ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠦᠩ ᠬᠤᠷᠠᠯ ᠢ ᠡᠷᠭᠢᠯᠡᠪᠡ᠃
     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠵᠢᠷᠤᠮᠯᠠᠯ ᠪᠣᠯᠤᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠬᠦᠷᠢᠶᠡᠨ ᠤ ᠬᠥᠭᠵᠢᠯᠲᠡ ᠶᠢᠨ ᠤᠷᠢᠳᠠᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯ ᠢᠶᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠨᠡᠭᠡᠭᠡᠯᠳᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ  ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠲᠠᠯ᠎ᠠ ᠪᠠᠷ ᠲᠡᠰ ᠳᠡᠪᠰᠢᠭᠦᠯᠦᠨ ᠬᠦᠴᠦᠯᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢ ᠨᠥᠯᠥᠭᠡᠯᠡᠵᠦ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠴᠢᠬᠤᠯᠠ ᠬᠠᠷᠠᠯᠲᠠ ᠪᠣᠯᠭᠠᠵᠤ ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠡᠨ ᠬᠦ ᠡᠳ᠋ᠯᠡᠭᠦᠯᠬᠦ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠢᠮᠠᠭᠲᠠ ᠡᠭᠦᠷᠭᠡᠯᠡᠵᠦ᠂ ᠡᠷᠬᠡ ᠭᠡᠬᠦ ᠡᠨᠡ ᠬᠦ ︽ᠬᠤᠣᠰ ᠢᠷᠲᠦ ᠰᠡᠯᠡᠮ᠎ᠡ︾ ᠶᠢ ᠵᠥᠪ ᠣᠨᠣᠪᠴᠢᠲᠠᠢ ᠰᠠᠶᠢᠲᠤᠷ ᠬᠡᠷᠡᠭᠯᠡᠵᠦ᠂ ᠵᠥᠪ ᠪᠤᠷᠤᠭᠤ ᠂ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ ᠯᠠᠪᠳᠠᠭᠤᠨ ᠪᠠᠲᠤᠲᠠᠢ ᠬᠦᠯ ᠲᠣᠭᠲᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃
     ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠮᠠᠨ ᠤ ᠬᠤᠰᠢᠭᠤᠨ ᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠬᠥᠭᠵᠢᠯᠲᠡ ᠶᠢᠨ ᠦᠷᠢᠰᠦᠯᠳᠦᠬᠦ ᠬᠦᠴᠦᠨ ᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠲᠤᠤᠬᠠᠢ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ ᠢ ᠤᠯᠠᠮ ᠨᠢᠭᠡ ᠠᠯᠬᠤᠮ ᠲᠠᠨᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠠᠷᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠲᠦᠷᠦᠭᠦᠯᠡᠨ ᠬᠢᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠪᠣᠯ ᠬᠥᠳᠡᠯᠭᠡᠬᠦ ᠬᠦᠴᠦᠨ ᠤ ᠡᠬᠢ ᠪᠤᠯᠠᠭ᠂ ᠴᠢᠬᠤᠯᠠ ᠲᠤᠯᠭᠠᠭᠤᠷᠢᠯᠠᠯ ᠪᠣᠯᠤᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠲᠠᠯ᠎ᠠ ᠪᠠᠷ ᠶᠡᠭᠡ ᠲᠠᠯ᠎ᠠ ᠶᠡᠭᠡ ᠬᠠᠨᠳᠤᠰᠢ ᠶᠢ ᠡᠵᠡᠮᠳᠡᠬᠦ ᠬᠡᠷᠡᠭᠲᠡᠢ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠬᠤ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠡᠩ ᠲᠡᠷᠢᠭᠦᠨ ᠳᠤ ᠰᠢᠪᠲᠤᠯᠤᠯᠲᠠ ᠭᠠᠷᠭᠠᠬᠤ᠂ ᠬᠠᠮᠤᠭ ᠲᠡᠷᠢᠭᠦᠨ ᠳᠤ ᠪᠠᠢᠳᠠᠯ ᠪᠠ ᠵᠣᠷᠢᠭ ᠰᠠᠨᠠᠭ᠎ᠠ ᠪᠣᠯᠬᠤ᠂ ᠨᠠᠶᠢᠳᠠᠪᠤᠷᠢᠵᠢᠭᠤᠯᠤᠯᠲᠠ ᠶᠢ ᠶᠡᠬᠡᠪᠡᠷ ᠠᠳᠬᠤᠬᠤ᠂ ᠦᠨᠡᠨᠬᠦ ᠠᠳᠬᠤᠵᠤ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠨᠡᠨ ᠬᠦ ᠨᠢᠭᠲᠠᠷᠠᠭᠤᠯᠬᠤ ᠬᠡᠷᠡᠭᠲᠡᠶ᠂ ᠠᠵᠢᠯ ᠬᠢᠵᠦ ᠦᠶ᠋ᠯᠡᠰ ᠪᠦᠲᠦᠭᠡᠬᠦ ᠠᠤᠭ᠎ᠠ ᠶᠡᠭᠡ ᠬᠦᠴᠦᠨ᠂ ᠰᠢᠨ᠎ᠡ ᠬᠥᠭᠵᠢᠯᠲᠡ ᠶᠢᠨ ᠱᠠᠲᠤᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ ᠨᠡᠩ ᠶᠡᠭᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠂ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ᠂ ᠰᠢᠨ᠎ᠡ ᠴᠠᠭ ᠦᠶ᠎ᠡ ᠶᠢᠨ ᠰᠢᠨ᠎ᠡ ᠳᠠᠷᠬᠠᠨ ᠮᠤᠤᠮᠢᠩᠭᠠᠨ ᠤ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号