ᠰᠢᠨ᠎ᠡ ᠵᠢᠯ ᠰᠢᠨ᠎ᠡ ᠬᠠᠭᠤᠳᠠᠰᠤ ᠶᠢ ᠰᠡᠬᠦᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠳᠠᠬᠢᠨ ᠮᠣᠷᠳᠠᠨ᠎ᠠ︕ ︵ᠨᠢᠭᠡ︶
ᠨᠡᠶᠢᠲᠡᠯᠡᠭᠰᠡᠨ ᠴᠠᠭ᠄
2021/2/24
     2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠠᠩ ᠶᠡᠭᠡ ᠡᠷᠴᠢᠮ ᠪᠣᠯᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠠᠷᠢᠯᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠠᠷᠰᠢ ᠰᠠᠭᠠᠳ ᠢ ᠠᠷᠢᠯᠭᠠᠵᠤ᠂ ᠰᠤᠷᠲᠠᠯ ᠤᠨ ᠠᠷᠬᠠᠭ ᠪᠣᠯᠤᠨ ᠢᠯᠵᠠᠷᠠᠯ ᠤᠨ ᠠᠷᠬᠠᠭ ᠬᠡᠮ ᠢ ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠬᠦᠴᠦᠲᠡᠶ ᠬᠥᠲᠥᠯᠥᠨ ᠳᠠᠭᠠᠭᠤᠯᠬᠤ ᠪᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠪᠤᠭᠤᠲᠤ ᠬᠤᠲᠠ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠴᠢᠬᠤᠯᠠᠴᠢᠯᠠᠭᠰᠠᠨ ᠨᠢ᠂ ᠴᠠᠭ ᠢᠮᠠᠭᠲᠠ ᠬᠦᠯᠢᠶᠡᠵᠦ ᠪᠣᠯᠬᠤ ᠥᠬᠡᠶ᠂ ᠴᠠᠭ ᠢᠮᠠᠭᠲᠠ ᠲᠠᠲᠠᠭᠠᠯᠵᠠᠵᠤ ᠪᠣᠯᠬᠤ ᠥᠬᠡᠶ᠂ ᠴᠠᠭ ᠢᠮᠠᠭᠲᠠ ᠬᠤᠶᠢᠷᠭᠤᠰᠢᠵᠤ ᠪᠣᠯᠬᠤ ᠥᠬᠡᠶ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠠᠷ ᠳᠠᠮᠵᠢᠭᠤᠯᠤᠨ ᠪᠤᠭᠤᠲᠤ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠦᠳᠲᠡᠷ ᠲᠦᠷᠭᠡᠨ ᠬᠥᠳᠡᠯᠦᠯᠴᠡᠵᠦ᠂ ᠲᠡᠷᠡ ᠳᠠᠷᠤᠶ ᠳᠤᠨᠢ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠡᠯ᠎ᠡ ᠰᠠᠯᠠᠭ᠎ᠠ ᠮᠥᠴᠢᠷ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠨ ᠲᠤᠭᠤᠰᠢᠯᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠵᠤ᠂ ᠬᠢᠨᠠᠨ ᠵᠥᠪᠰᠢᠶᠡᠷᠡᠬᠦ ᠵᠦᠶ᠋ᠯᠡᠰ ᠢᠶᠠᠷ ᠬᠠᠮᠤᠭ ᠤᠨ ᠪᠠᠭ᠎ᠠ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠪᠠᠷ ᠬᠠᠮᠤᠭ ᠤᠨ ᠰᠠᠶᠢᠨ ᠂ ᠬᠢᠨᠠᠨ ᠵᠥᠪᠰᠢᠶᠡᠷᠡᠬᠦ ᠪᠠ ᠦᠶ᠋ᠯᠡᠴᠢᠯᠡᠬᠦ ᠬᠤᠷᠳᠤᠴᠠ ᠪᠠᠷ ᠬᠠᠮᠤᠭ ᠤᠨ ᠲᠦᠷᠭᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠳᠠᠷᠬᠠᠨ ᠮᠤᠤᠮᠢᠩᠭᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ
     2 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠳᠣ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠪᠣᠯᠤᠨ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠯᠠᠮᠵᠢᠯᠠᠨ ᠰᠤᠷᠤᠯᠴᠠᠪᠠ᠃      ᠳᠠᠷᠬᠠᠨ ᠮᠤᠤᠮᠢᠩᠬᠠᠨ ᠬᠤᠰᠢᠭᠤᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ
      2 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠱᠢ ᠲᠠᠢ ᠹᠤᠩ ᠤᠨ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠮᠧᠩ ᠹᠠᠨ ᠯᠢ ᠶᠢᠨ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠪᠣᠯᠤᠨ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠱᠢ ᠲᠠᠢ ᠹᠧᠩ ᠱᠦᠵᠢ᠂ ᠮᠧᠩ ᠹᠠᠨ ᠯᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠪᠤᠭᠤᠲᠤ ᠬᠤᠳᠠ ᠶᠢᠨ ᠨᠠᠮ ᠤᠨ ᠬᠤᠷᠢ᠊ ᠡᠶ᠎ᠡ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠭᠵᠢᠯᠲᠡ ᠶᠢ ᠠᠳᠬᠤᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠲᠡᠷᠢᠭᠦᠨ ᠴᠢᠬᠤᠯᠠ ᠡᠭᠦᠷᠭᠡ᠂ ᠭᠤᠣᠯ ᠠᠵᠢᠯ ᠪᠣᠯᠭᠠᠵᠤ᠂ ᠴᠢᠩᠭ᠎ᠠ ᠠᠳᠬᠤᠵᠤ᠂ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠲᠤᠷ ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
     2 ᠰᠠᠷ᠎ᠠ ᠶᠢᠨ 19 ᠤ ᠡᠳᠦᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠲᠠᠯ᠎ᠠ ᠶᠢᠨ ᠠᠵᠢᠯᠲᠠᠨ ᠠᠵᠢᠯᠴᠢᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ᠃ ᠬᠤᠷᠠᠯ ᠠᠴᠠ ᠱᠢ ᠲᠠᠢ ᠹᠧᠩ ᠤᠨ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠮᠧᠩ ᠹᠠᠨ ᠯᠢ ᠶᠢᠨ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ᠂ ᠪᠦᠬᠦ ᠬᠤᠳᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠦᠬᠦ ᠲᠠᠯ᠎ᠠ ᠳᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠠᠯᠬᠤᠮ ᠳᠠᠷᠠᠭ᠎ᠠ ᠶᠢ ᠲᠠᠬᠢᠨ ᠪᠦᠷᠢᠯᠳᠦᠭᠦᠯᠬᠦ ᠲᠠᠯ᠎ᠠ ᠪᠠᠷ ᠬᠠᠰᠤᠬᠤ ᠠᠷᠭ᠎ᠠ ᠠᠪᠴᠤ᠂ ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ ᠪᠠᠷ ᠬᠠᠷᠠᠯᠲᠠ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠠᠩᠭᠢᠯᠠᠭ᠎ᠠ ᠶᠢ ᠴᠢᠩᠭ᠎ᠠ ᠠᠳᠬᠤᠬᠤ ᠬᠡᠷᠡᠭᠲᠡᠢ᠃ ᠪᠥᠬᠦ ᠬᠦᠴᠦᠨ ᠢᠶᠠᠷ ᠢᠶᠠᠨ ᠲᠤᠭᠤᠰᠢᠯᠠᠭᠤᠯᠬᠤ ᠶᠢ ᠠᠳᠬᠤᠵᠤ᠂ ᠬᠡᠷᠡᠭᠵᠢᠭᠦᠯᠬᠦ ᠶᠢ ᠠᠳᠬᠤᠵᠤ᠂ ᠠᠬᠢᠭᠤᠯᠬᠤ ᠶᠢ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠠᠳᠬᠤᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠶ᠋ᠯ ᠤᠨ ᠠᠵᠢᠯ ᠤᠨ ᠭᠦᠨᠵᠡᠭᠡᠶᠢᠷᠡᠨ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ
     2 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠠᠩ ᠴᠢᠨᠠᠷ ᠰᠠᠶᠢᠲᠠᠶ ᠬᠠᠤᠯᠢ ᠪᠠᠷᠢᠬᠤ ᠦᠶ᠋ᠯᠡᠴᠢᠯᠡᠭᠡ ᠪᠠ ᠪᠠᠲᠤᠯᠠᠭ᠎ᠠ ᠬᠠᠩᠭᠠᠪᠠ᠃      ᠳᠠᠷᠬᠠᠨ ᠮᠤᠤᠮᠢᠩᠭᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
      2 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠨᠥᠬᠦᠷ ᠤᠨ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠨᠢ ᠬᠥᠭᠵᠢᠯᠲᠡ ᠶᠢᠨ ᠬᠤᠷᠳᠤᠴᠠ ᠶᠢ ᠲᠣᠭᠲᠠᠭᠠᠵᠤ᠂ ᠪᠠᠰᠠ ᠬᠥᠭᠵᠢᠯᠲᠡ ᠶᠢᠨ ᠶᠠᠰᠤ ᠴᠢᠨᠠᠷ ᠢ ᠲᠣᠭᠲᠠᠭᠠᠵᠤ ᠪᠠᠶᠢᠳᠠᠭ᠃ ᠡᠳ᠋ ᠤᠨ ᠵᠠᠰᠠᠭ ᠤᠨ ᠪᠦᠬᠦ ᠺᠠᠳ᠋ᠷᠴᠤᠳ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠠᠷᠭ᠎ᠠ ᠵᠠᠮ ᠪᠠ ᠠᠷᠭ᠎ᠠ ᠶᠢ ᠴᠢᠷᠮᠠᠶᠢᠨ ᠡᠷᠢᠵᠦ ᠣᠯᠤᠭᠠᠳ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠡᠭᠦᠳᠡ ᠨᠢ ᠰᠠᠶᠢᠨ ᠣᠷᠣᠵᠤ᠂ ᠴᠢᠷᠠᠢ ᠨᠢ ᠰᠠᠶᠢᠬᠠᠨ᠂ ᠶᠠᠪᠤᠳᠠᠯ ᠨᠢ ᠰᠠᠶᠢᠨ ᠬᠢᠬᠦ︾ ᠦᠢᠯᠡᠴᠢᠯᠡᠭᠡᠨ ᠤ ᠰᠢᠨ᠎ᠡ ᠰᠤᠷᠲᠠᠯ ᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠨᠢᠭᠲᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ᠂ ᠪᠣᠳᠠᠲᠠᠶ ᠠᠴᠠ ᠪᠣᠳᠠᠲᠠᠶ ᠪᠠᠶᠢᠬᠤ ᠶᠢ ᠪᠡᠶᠡᠯᠡᠭᠦᠯᠵᠦ᠂ ᠳᠠᠷᠬᠠᠨ ᠮᠤᠤᠮᠢᠩᠭᠠᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠳᠠᠷᠬᠠᠨ ᠮᠤᠤᠮᠢᠩᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ  ᠲᠤᠪᠴᠢᠶ᠎ᠠ
     2 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠭᠤᠷᠪᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠲᠤᠬᠢᠷᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠭᠦᠨ ᠳᠠᠪᠬᠤᠷᠭ᠎ᠠ ᠶᠢᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号