ᠰᠢᠨ᠎ᠡ ᠵᠢᠯ ᠰᠢᠨ᠎ᠡ ᠬᠠᠭᠤᠳᠠᠰᠤ ᠶᠢ ᠰᠡᠬᠦᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠳᠠᠬᠢᠨ ᠮᠣᠷᠳᠠᠨ᠎ᠠ︕ ︵ᠬᠤᠶᠠᠷ︶
ᠨᠡᠶᠢᠲᠡᠯᠡᠭᠰᠡᠨ ᠴᠠᠭ᠄
2021/2/24
     2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠠᠩ ᠶᠡᠭᠡ ᠡᠷᠴᠢᠮ ᠪᠣᠯᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠠᠷᠢᠯᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠠᠷᠰᠢ ᠰᠠᠭᠠᠳ ᠢ ᠠᠷᠢᠯᠭᠠᠵᠤ᠂ ᠰᠤᠷᠲᠠᠯ ᠤᠨ ᠠᠷᠬᠠᠭ ᠪᠣᠯᠤᠨ ᠢᠯᠵᠠᠷᠠᠯ ᠤᠨ ᠠᠷᠬᠠᠭ ᠬᠡᠮ ᠢ ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠬᠦᠴᠦᠲᠡᠶ ᠬᠥᠲᠥᠯᠥᠨ ᠳᠠᠭᠠᠭᠤᠯᠬᠤ ᠪᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠪᠤᠭᠤᠲᠤ ᠬᠤᠲᠠ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠴᠢᠬᠤᠯᠠᠴᠢᠯᠠᠭᠰᠠᠨ ᠨᠢ᠂ ᠴᠠᠭ ᠢᠮᠠᠭᠲᠠ ᠬᠦᠯᠢᠶᠡᠵᠦ ᠪᠣᠯᠬᠤ ᠥᠬᠡᠶ᠂ ᠴᠠᠭ ᠢᠮᠠᠭᠲᠠ ᠲᠠᠲᠠᠭᠠᠯᠵᠠᠵᠤ ᠪᠣᠯᠬᠤ ᠥᠬᠡᠶ᠂ ᠴᠠᠭ ᠢᠮᠠᠭᠲᠠ ᠬᠤᠶᠢᠷᠭᠤᠰᠢᠵᠤ ᠪᠣᠯᠬᠤ ᠥᠬᠡᠶ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠠᠷ ᠳᠠᠮᠵᠢᠭᠤᠯᠤᠨ ᠪᠤᠭᠤᠲᠤ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠳᠲᠡᠷ ᠲᠦᠷᠭᠡᠨ ᠬᠥᠳᠡᠯᠦᠯᠴᠡᠵᠦ᠂ ᠲᠡᠷᠡ ᠳᠠᠷᠤᠶ ᠳᠤᠨᠢ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠡᠯ᠎ᠡ ᠨᠢᠭᠡᠴᠢ ᠰᠠᠯᠠᠭ᠎ᠠ ᠮᠥᠴᠢᠷ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠴᠠᠭ ᠲᠤᠬᠠᠶ ᠳᠤᠨᠢ ᠤᠯᠠᠮᠵᠢᠯᠠᠨ ᠲᠤᠭᠤᠰᠢᠯᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠵᠤ᠂ ᠬᠢᠨᠠᠨ ᠵᠥᠪᠰᠢᠶᠡᠷᠡᠬᠦ ᠵᠦᠶ᠋ᠯᠡᠰ ᠢᠶᠠᠷ ᠬᠠᠮᠤᠭ ᠤᠨ ᠴᠥᠭᠡᠨ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠪᠠᠷ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠪᠠ ᠦᠶ᠋ᠯᠡᠴᠢᠯᠡᠬᠦ ᠬᠤᠷᠳᠤᠴᠠ ᠪᠠᠷ ᠬᠠᠮᠤᠭ ᠤᠨ ᠲᠦᠷᠭᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠳᠠᠷᠬᠠᠨ ᠮᠤᠤᠮᠢᠩᠬᠠᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ
      2 ᠰᠠᠷ᠎ᠠ ᠶᠢᠨ 19 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠱᠢ ᠲᠠᠢ ᠹᠤᠩ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠮᠧᠩ ᠹᠠᠨ ᠯᠢ ᠶᠢᠨ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠵᠢᠴᠢ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠵᠠᠩ ᠪᠠᠭᠠᠨ᠎ᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠬᠠᠭᠤᠯᠬᠤ ᠬᠡᠯᠲᠡᠰ ᠤᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠴᠠᠭᠠᠨ ᠰᠠᠷ᠎ᠠ ᠶᠢᠨ ᠳᠠᠷᠠᠭ᠎ᠠ ᠠᠵᠢᠯ ᠳᠤ ᠭᠠᠷᠤᠭᠰᠠᠨ ᠤ ᠨᠢᠭᠡᠳᠦᠭᠡᠷ ᠡᠳᠦᠷ ᠲᠤ ᠪᠥᠬᠦ ᠣᠷᠣᠨ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠴᠢᠬᠤᠯᠠ ᠴᠢᠨᠠᠷ ᠢ ᠭᠦᠶ᠋ᠴᠡᠳ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠡᠷᠡᠰ ᠵᠣᠷᠢᠭ ᠪᠠ ᠢᠲᠡᠭᠡᠯ ᠵᠣᠷᠢᠭ ᠢ ᠢᠯᠡᠷᠡᠭᠦᠯᠪᠡ᠃ ᠤᠬᠠᠭᠤᠯᠬᠤ ᠬᠡᠯᠲᠡᠰ ᠤᠨ ᠪᠥᠬᠦ ᠺᠠᠳ᠋ᠷ ᠠᠵᠢᠯᠲᠠᠨ ᠠᠵᠢᠯᠴᠢᠨ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠣᠯᠠᠨ ᠤ ᠤᠬᠠᠭᠠᠨ ᠬᠠᠮᠲᠤ ᠶᠢᠨ ᠬᠦᠴᠦᠨ ᠢ ᠲᠥᠪᠯᠡᠷᠡᠭᠦᠯᠦᠨ᠂ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠮᠠᠨ ᠤ ᠬᠤᠰᠢᠭᠤᠨ ᠤ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠠ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠤᠬᠠᠭᠤᠯᠬᠤ ᠬᠡᠯᠲᠡᠰ ᠨᠢ ᠰᠣᠨᠢᠨ ᠮᠡᠳᠡᠭᠡᠨ ᠤ ᠵᠠᠭᠤᠴᠢᠯᠠᠭᠤᠷ ᠤᠨ ᠥᠷᠲᠡᠭ ᠤᠨ ᠦᠵᠡᠯᠲᠡ ᠶᠢᠨ ᠬᠥᠲᠥᠯᠥᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠭᠤᠯᠭ᠎ᠠ ᠶᠢ ᠣᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠭᠤᠤᠯᠳᠠᠯᠭ᠎ᠠ ᠳᠤ ᠣᠷᠣᠭᠤᠯᠪᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠣᠨᠣᠯ ᠰᠤᠷᠤᠯᠴᠠᠵᠤ ᠰᠤᠳᠤᠯᠤᠨ ᠶᠠᠷᠢᠯᠴᠠᠬᠤ ᠶᠢ ᠴᠢᠩᠭᠠᠳᠬᠠᠨ᠎ᠠ᠂ ᠪᠦᠬᠦ ᠬᠤᠰᠢᠭᠤᠨ ᠤ ᠺᠠᠳ᠋ᠷ ᠤᠨ ᠵᠣᠷᠢᠯᠲᠠ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠂ ᠦᠢᠯᠡᠴᠢᠯᠡᠬᠦ ᠤᠬᠠᠮᠰᠠᠷ᠂ ᠡᠭᠦᠨ ᠤ ᠬᠠᠮᠲᠤ ᠦᠷᠭᠦᠯᠵᠢᠯᠡᠨ ᠤᠬᠠᠭᠤᠯᠬᠤ ᠶᠢ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠂ ᠪᠤᠢ ᠪᠦᠬᠦᠢ ᠤᠬᠠᠭᠤᠯᠭ᠎ᠠ ᠶᠢᠨ ᠡᠬᠢ ᠪᠠᠶᠠᠯᠢᠭ ᠢ ᠳᠠᠢᠴᠢᠯᠠᠨ᠎ᠠ᠂ ᠪᠦᠬᠦ ᠵᠠᠭᠤᠴᠢᠯᠠᠭᠤᠷ ᠤᠨ ᠵᠢᠭᠰᠠᠭᠠᠯ ᠤᠨ ᠭᠠᠵᠠᠷ ᠢ ᠠᠰᠢᠭᠯᠠᠬᠤ᠂ ᠪᠦᠬᠦ ᠬᠤᠰᠢᠭᠤ ᠪᠠᠷ ᠢᠶᠠᠨ ᠬᠦᠨᠳᠦᠳᠬᠡᠨ ᠦᠵᠡᠬᠦ ᠶᠢ ᠴᠢᠩᠭᠠᠳᠬᠠᠨ᠎ᠠ᠂ ᠬᠠᠶᠢᠷᠠᠯᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠶᠢ ᠤᠬᠠᠭᠤᠯᠬᠤ ᠡᠷᠴᠢᠮ᠂ ᠮᠠᠨ ᠤ ᠬᠤᠰᠢᠭᠤᠨ ᠤ ᠭᠠᠳᠠᠭᠠᠳᠤ ᠨᠡᠭᠡᠭᠡᠯᠲᠡ ᠶᠢᠨ ᠰᠠᠶᠢᠨ ᠰᠠᠶᠢᠬᠠᠨ ᠳᠦᠷᠢ ᠲᠥᠷᠬᠦ ᠶᠢ ᠭᠦᠶ᠋ᠴᠡᠳ ᠢᠯᠡᠷᠡᠭᠦᠯᠪᠡ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠶ᠎ᠠ᠃      ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ
     2 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠠᠴᠠ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠪᠣᠯᠤᠨ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠬᠠᠮᠲᠤ ᠣᠷᠣᠨ ᠲᠤᠭ᠎ᠠ ᠶᠢᠨ ᠠᠯᠪᠠᠨ ᠬᠡᠷ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠺᠠᠳ᠋ᠷ ᠠᠵᠢᠯᠲᠠᠨ ᠨᠢᠭᠡ ᠮᠥᠴᠡ ᠴᠦ ᠬᠦᠯᠢᠶᠡᠵᠦ ᠪᠣᠯᠬᠤ ᠥᠬᠡᠶ᠂ ᠨᠢᠭᠡ ᠮᠥᠴᠡ ᠴᠦ ᠲᠠᠲᠠᠭᠠᠯᠵᠠᠵᠤ ᠪᠣᠯᠬᠤ ᠥᠬᠡᠶ᠂ ᠨᠢᠭᠡ ᠮᠥᠴᠡ ᠴᠦ ᠴᠠᠯᠠᠭᠠᠶᠢᠷᠠᠵᠤ ᠪᠣᠯᠬᠤ ᠥᠬᠡᠶ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠬᠤᠮ ᠢ ᠰᠠᠯᠤᠯ ᠥᠬᠡᠶ ᠳᠠᠭᠠᠵᠤ᠂ ᠡᠯ᠎ᠡ ᠵᠦᠶ᠋ᠯ ᠤᠨ ᠠᠵᠢᠯ ᠤᠨ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠳᠤ ᠥᠩᠭᠡ ᠬᠡᠷᠡᠯ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃      ᠳᠠᠷᠬᠠᠨ ᠮᠤᠤᠮᠢᠩᠭᠠᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ
     2 ᠰᠠᠷ᠎ᠠ ᠶᠢᠨ 19 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠰᠡᠷᠭᠦᠯᠡᠩ ᠬᠤᠷᠠᠯ ᠢ ᠡᠷᠭᠢᠯᠡᠵᠦ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠺᠠᠳ᠋ᠷ ᠠᠵᠢᠯᠲᠠᠨ ᠠᠵᠢᠯᠴᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠵᠢᠴᠢ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠴᠠᠭ ᠲᠤᠬᠠᠶ ᠳᠤᠨᠢ ᠰᠢᠰᠲ᠋ᠧᠮ ᠲᠠᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠳᠡᠭᠡᠳᠦ ᠳᠣᠤᠷᠠᠳᠤ ᠱᠠᠲᠤ ᠪᠠᠷ ᠢᠶᠠᠨ ᠪᠣᠳᠠᠲᠠᠶ ᠠᠵᠢᠯᠯᠠᠬᠤ ᠶᠢ ᠡᠷᠬᠢᠮᠯᠡᠬᠦ᠂ ᠬᠠᠷᠢᠯᠴᠠᠨ ᠬᠦᠴᠦᠯᠡᠬᠦ ᠢᠯᠡ ᠲᠣᠳᠣ ᠤᠳᠤᠷᠢᠳᠤᠮᠵᠢ ᠪᠠ ᠠᠵᠢᠯ ᠤᠨ ᠰᠤᠷᠲᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠪᠡ᠃      ᠳᠠᠷᠬᠠᠨ ᠮᠤᠤᠮᠢᠩᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
     2 ᠰᠠᠷ᠎ᠠ ᠶᠢᠨ 19 ᠤ ᠦᠳᠡ ᠶᠢᠨ ᠬᠤᠶᠢᠨ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠠᠵᠢᠯᠯᠠᠬᠤ ᠬᠤᠷᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠥᠬᠦ ᠺᠠᠳ᠋ᠷ ᠠᠵᠢᠯᠲᠠᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠪᠣᠯᠤᠨ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠷᠠᠳ ᠲᠦᠮᠡᠨ ᠳᠤ ᠦᠶ᠋ᠯᠡᠴᠢᠯᠡᠬᠦ ᠨᠢᠯᠬ᠎ᠠ ᠬᠡᠤᠬᠡᠳ ᠤᠨ ᠵᠣᠷᠢᠭ ᠰᠠᠨᠠᠭ᠎ᠠ᠂ ᠰᠢᠨ᠎ᠡ ᠶᠢ ᠡᠭᠦᠳᠦᠨ ᠬᠥᠭᠵᠢᠬᠦ ᠠᠲᠠᠷ ᠬᠠᠭᠠᠯᠪᠤᠷᠢᠯᠠᠬᠤ ᠦᠬᠡᠷ ᠤᠨ ᠵᠣᠷᠢᠭ ᠰᠠᠨᠠᠭ᠎ᠠ ᠪᠣᠯᠤᠨ ᠲᠡᠰᠪᠦᠷᠢ ᠬᠠᠲᠠᠭᠤᠵᠢᠯᠲᠠᠶ ᠲᠡᠮᠡᠴᠡᠬᠦ ᠦᠬᠡᠷ ᠤᠨ ᠵᠣᠷᠢᠭ ᠰᠠᠨᠠᠭ᠎ᠠ ᠶᠢ ᠭᠦᠶ᠋ᠴᠡᠳ ᠪᠠᠳᠠᠷᠠᠭᠤᠯᠵᠤ᠂ ᠤᠯᠤᠰ ᠲᠥᠷᠥ ᠶᠢᠨ ᠵᠣᠭᠰᠣᠴᠠ᠂ ᠴᠠᠭ ᠦᠶ᠎ᠡ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠡᠷᠴᠢ ᠵᠣᠷᠢᠭ ᠢᠶᠠᠨ ᠬᠥᠪᠴᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
      2 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠤᠩ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠱᠦᠵᠢ ᠮᠤᠩ ᠹᠠᠨ ᠯᠢ ᠶᠢᠨ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠵᠢᠴᠢ 2021 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠢᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠪᠥᠬᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠺᠠᠳ᠋ᠷ ᠠᠵᠢᠯᠲᠠᠨ ᠠᠵᠢᠯᠴᠢᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠤᠷᠠᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠠᠶ ᠠᠳᠬᠤᠨ ᠪᠣᠳᠠᠲᠠᠶ ᠠᠵᠢᠯᠯᠠᠵᠤ᠂ ᠡᠯ᠎ᠡ ᠵᠦᠶ᠋ᠯ ᠤᠨ ᠠᠵᠢᠯ ᠤᠨ ᠤᠷᠤᠭᠰᠢᠲᠠᠶ ᠥᠷᠨᠢᠵᠦ᠂ ᠯᠠᠪᠳᠠᠭᠤᠨ ᠢᠶᠠᠷ ᠠᠭᠢᠵᠤ᠂ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠦᠬᠡᠷ ᠬᠤᠳᠳᠤᠭ ᠪᠠᠯᠭᠠᠰᠤ
     ᠦᠬᠡᠷ ᠬᠤᠳᠳᠤᠭ ᠪᠠᠯᠭᠠᠰᠤᠨ ᠤ ᠨᠠᠮ ᠤᠨ ᠬᠤᠷᠢᠶ᠎ᠠ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠱᠦᠵᠢ ᠮᠤᠩ ᠹᠠᠨ ᠯᠢ ᠶᠢᠨ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠳᠡᠭᠡᠷᠡᠬᠢ ᠶᠠᠷᠢᠶ᠎ᠠ ᠶᠢ ᠬᠠᠮᠲᠤ ᠪᠠᠷ ᠰᠤᠷᠤᠯᠴᠠᠵᠤ᠂ ᠰᠤᠷᠤᠯᠴᠠᠯᠭ᠎ᠠ ᠪᠠᠷ ᠳᠠᠮᠵᠢᠭᠤᠯᠤᠨ ᠪᠥᠬᠦ ᠪᠠᠯᠭᠠᠰᠤᠨ ᠤ ᠬᠦᠴᠦᠨ ᠢ ᠳᠠᠶᠢᠴᠢᠯᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ ᠪᠠ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号