ᠰᠢᠨ᠎ᠡ ᠵᠢᠯ ᠰᠢᠨ᠎ᠡ ᠬᠠᠭᠤᠳᠠᠰᠤ ᠶᠢ ᠰᠡᠬᠦᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠳᠠᠬᠢᠨ ᠮᠣᠷᠳᠠᠨ᠎ᠠ︕ ︵ᠳᠥᠷᠪᠡ︶
ᠨᠡᠶᠢᠲᠡᠯᠡᠭᠰᠡᠨ ᠴᠠᠭ᠄
2021/2/25
     2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠠᠩ ᠶᠡᠭᠡ ᠡᠷᠴᠢᠮ ᠪᠣᠯᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠠᠷᠢᠯᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠠᠷᠰᠢ ᠰᠠᠭᠠᠳ ᠢ ᠠᠷᠢᠯᠭᠠᠵᠤ᠂ ᠰᠤᠷᠲᠠᠯ ᠤᠨ ᠠᠷᠬᠠᠭ ᠪᠣᠯᠤᠨ ᠢᠯᠵᠠᠷᠠᠯ ᠤᠨ ᠠᠷᠬᠠᠭ ᠬᠡᠮ ᠢ ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠬᠦᠴᠦᠲᠡᠶ ᠬᠥᠲᠥᠯᠥᠨ ᠳᠠᠭᠠᠭᠤᠯᠬᠤ ᠪᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠪᠤᠭᠤᠲᠤ ᠬᠤᠲᠠ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠴᠢᠬᠤᠯᠠᠴᠢᠯᠠᠭᠰᠠᠨ ᠨᠢ᠂ ᠴᠠᠭ ᠢᠮᠠᠭᠲᠠ ᠬᠦᠯᠢᠶᠡᠵᠦ ᠪᠣᠯᠬᠤ ᠥᠬᠡᠶ᠂ ᠴᠠᠭ ᠢᠮᠠᠭᠲᠠ ᠲᠠᠲᠠᠭᠠᠯᠵᠠᠵᠤ ᠪᠣᠯᠬᠤ ᠥᠬᠡᠶ᠂ ᠴᠠᠭ ᠢᠮᠠᠭᠲᠠ ᠬᠤᠶᠢᠷᠭᠤᠰᠢᠵᠤ ᠪᠣᠯᠬᠤ ᠥᠬᠡᠶ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠠᠷ ᠳᠠᠮᠵᠢᠭᠤᠯᠤᠨ ᠪᠤᠭᠤᠲᠤ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠳᠲᠡᠷ ᠲᠦᠷᠭᠡᠨ ᠬᠥᠳᠡᠯᠦᠯᠴᠡᠵᠦ᠂ ᠲᠡᠷᠡ ᠳᠠᠷᠤᠶ ᠳᠤᠨᠢ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠡᠯ᠎ᠡ ᠨᠢᠭᠡᠴᠢ ᠰᠠᠯᠠᠭ᠎ᠠ ᠮᠥᠴᠢᠷ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠴᠠᠭ ᠲᠤᠬᠠᠶ ᠳᠤᠨᠢ ᠤᠯᠠᠮᠵᠢᠯᠠᠨ ᠲᠤᠭᠤᠰᠢᠯᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠵᠤ᠂ ᠬᠢᠨᠠᠨ ᠵᠥᠪᠰᠢᠶᠡᠷᠡᠬᠦ ᠵᠦᠶ᠋ᠯᠡᠰ ᠢᠶᠠᠷ ᠬᠠᠮᠤᠭ ᠤᠨ ᠴᠥᠭᠡᠨ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠪᠠᠷ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠪᠠ ᠦᠶ᠋ᠯᠡᠴᠢᠯᠡᠬᠦ ᠬᠤᠷᠳᠤᠴᠠ ᠪᠠᠷ ᠬᠠᠮᠤᠭ ᠤᠨ ᠲᠦᠷᠭᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠰᠢᠪᠠᠷ ᠬᠦᠷᠢᠶ᠎ᠡ ᠪᠠᠯᠭᠠᠰᠤ
      2 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠢᠪᠠᠷ ᠬᠦᠷᠢᠶ᠎ᠡ ᠪᠠᠯᠭᠠᠰᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠬᠤᠷᠠᠯ ᠤᠨ ᠵᠣᠷᠢᠭ ᠰᠠᠨᠠᠭ᠎ᠠ ᠵᠢᠴᠢ ᠪᠤᠭᠤᠲᠤ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠪᠠᠷ ᠬᠦᠷᠢᠶ᠎ᠡ ᠪᠠᠯᠭᠠᠰᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠪᠥᠬᠦ ᠺᠠᠳ᠋ᠷ ᠠᠵᠢᠯᠲᠠᠨ ᠠᠵᠢᠯᠴᠢᠨ ᠪᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠪᠠ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠬᠤ ᠬᠡᠷᠡᠭᠲᠡᠶ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠪᠠᠷ ᠵᠠᠩᠭᠢᠯᠠᠭ᠎ᠠ ᠪᠠ ᠦᠨᠳᠦᠰᠦ ᠪᠣᠯᠭᠠᠬᠤ ᠬᠡᠷᠡᠭᠲᠡᠶ᠂ ︽ᠭᠠᠵᠠᠷ ᠪᠣᠯᠭᠠᠨ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠠᠲᠤ ᠪᠣᠢ ᠪᠣᠯᠭᠠᠨ᠎ᠠ᠂ ᠬᠥᠮᠦᠨ ᠪᠣᠯᠭᠠᠨ ᠪᠦᠷ ᠳᠦᠷᠢ ᠲᠥᠷᠬᠦ ᠶᠢᠨ ᠡᠯᠴᠢ︾ ᠭᠡᠬᠦ ᠣᠶᠢᠯᠠᠭᠠᠭᠳᠠᠬᠤᠨ᠂ ᠵᠢᠭᠠᠬᠠᠨ ᠴᠤ ᠬᠦᠯᠢᠶᠡᠵᠦ ᠪᠣᠯᠬᠤ ᠦᠭᠡᠢ᠂ ᠵᠢᠭᠠᠬᠠᠨ ᠴᠤ ᠲᠠᠲᠠᠭᠠᠯᠵᠠᠵᠤ ᠪᠣᠯᠬᠤ ᠦᠭᠡᠢ᠂ ᠬᠤᠷᠣᠮᠬᠠᠨ ᠵᠠᠭᠤᠷ᠎ᠠ ᠴᠤ ᠴᠠᠯᠠᠭᠠᠶᠢᠷᠠᠵᠤ ᠪᠣᠯᠬᠤ ᠦᠭᠡᠢ᠂ ᠪᠠᠯᠭᠠᠰᠤ ᠲᠣᠰᠬᠤᠨ ᠤ ᠨᠠᠮ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠬᠤ ᠠᠴᠠ ᠡᠬᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠪᠠ ᠪᠥᠬᠦ ᠪᠠᠯᠭᠠᠰᠤᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠵᠡᠷᠭᠡ ᠲᠠᠯ᠎ᠠ ᠠᠴᠠ ᠭᠠᠷᠳᠠᠵᠤ᠂ ᠰᠢᠪᠠᠷ ᠬᠦᠷᠢᠶ᠎ᠡ ᠪᠠᠯᠭᠠᠰᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠂ ᠰᠢᠳᠢᠲᠦ ᠴᠢᠯᠠᠭᠤᠨ ᠡᠷᠳᠡᠨᠢ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃      ᠮᠠᠨᠳᠤᠯ ᠪᠠᠯᠭᠠᠰᠤ
      2 ᠳ᠋ᠤᠭᠠᠷ ᠰᠠᠷ᠎ᠠ ᠶᠢᠨ 23 ᠤ ᠡᠳᠦᠷ᠂ ᠮᠠᠨᠳᠤᠯ᠎ᠠ ᠪᠠᠯᠭᠠᠰᠤ ᠺᠠᠳ᠋ᠷ ᠠᠵᠢᠯᠲᠠᠨ ᠠᠵᠢᠯᠴᠢᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠪᠠᠯᠭᠠᠰᠤᠨ ᠤ ᠺᠠᠳ᠋ᠷ ᠠᠵᠢᠯᠲᠠᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠮᠤᠩ ᠹᠠᠨ ᠯᠢ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠲᠠᠰ ᠤᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠲᠡᠷᠢᠭᠦᠨ ᠲᠠᠰ ᠤᠨ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠲᠡᠷᠢᠭᠦᠨ ᠲᠠᠰ ᠤᠨ ᠠᠵᠤ ᠦᠶ᠋ᠯᠡᠰ ᠤᠨ ᠣᠷᠴᠢᠨ ᠲᠣᠭᠤᠷᠢᠨ᠂ ᠲᠡᠷᠢᠭᠦᠨ ᠲᠠᠰ ᠤᠨ ᠬᠤᠲᠠ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠤᠯᠤᠰ ᠲᠥᠷᠥ ᠶᠢᠨ ᠰᠡᠷᠭᠡᠭ ᠴᠢᠨᠠᠷ ᠢᠶᠠᠨ ᠳᠡᠭᠡᠭᠰᠢᠯᠡᠭᠦᠯᠵᠦ᠂ ᠵᠣᠷᠢᠯᠲᠠ ᠶᠢᠨ ᠤᠬᠠᠮᠰᠠᠷ ᠢᠶᠠᠨ ᠢᠮᠠᠭᠲᠠ ᠪᠠᠲᠤ ᠪᠣᠶ ᠪᠣᠯᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠬᠤᠶᠠᠷ ᠲᠠᠯ᠎ᠠ ᠪᠠᠷ ︽ᠬᠥᠮᠦᠨ ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ᠂ ᠶᠠᠪᠤᠳᠠᠯ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠬᠤᠯᠪᠣᠭᠳᠠᠬᠤ︾ ᠠᠵᠢᠯ ᠤᠨ ᠣᠶᠢᠯᠠᠭᠠᠭᠳᠠᠬᠤᠨ ᠢ ᠦᠨᠡᠨ ᠬᠦ ᠭᠦᠨᠵᠡᠭᠡᠶ ᠦᠶ᠋ᠯᠡᠳᠦᠯᠭᠡᠵᠢᠭᠦᠯᠬᠦ ᠬᠡᠷᠡᠭᠲᠡᠶ᠃ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨᠳᠤᠯ ᠪᠠᠯᠭᠠᠰᠤᠨ ᠤ ᠡᠳᠦᠷ ᠲᠤᠲᠤᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠳᠣᠲᠣᠭᠠᠳᠤ ᠶᠢᠨ ᠬᠢᠨᠠᠯᠲᠠ ᠪᠠᠨ ᠴᠢᠩᠭᠠᠳᠬᠠᠵᠤ᠂ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠣᠯᠠᠨ ᠲᠦᠮᠡᠨ ᠳᠤ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠶ᠃ ᠲᠦᠷᠦ ᠶᠢᠨ ᠪᠤᠳᠤᠯᠭ᠎ᠠ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠮᠠᠯᠴᠢᠨ ᠲᠦᠮᠡᠨ ᠳᠤ ᠦᠢᠯᠡᠴᠢᠯᠡᠬᠦ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃      ᠰᠢᠷᠠᠮᠦᠷᠡᠨ ᠪᠠᠯᠭᠠᠰᠤ
      2 ᠰᠠᠷ᠎ᠠ ᠶᠢᠨ 24 ᠤ ᠡᠳᠦᠷ᠂ ᠰᠢᠷᠠᠮᠥ᠋ᠷᠡᠨ ᠪᠠᠯᠭᠠᠰᠤᠨ ᠤ ᠪᠦᠬᠦ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠮᠧᠩ ᠹᠠᠨ ᠯᠢ ᠱᠦᠵᠢ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠰᠢᠶᠠᠩ ᠪᠠᠯᠭᠠᠰᠤ ᠪᠣᠯᠤᠭᠰᠠᠨ ᠤ ᠬᠤᠪᠢ ᠳᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠂ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠠᠵᠤ ᠦᠢᠯᠡᠰ ᠤᠨ ᠣᠷᠴᠢᠨ ᠲᠣᠭᠤᠷᠢᠨ ᠪᠠ ᠬᠤᠲᠠ ᠶᠢᠨ ᠣᠷᠴᠢᠨ ᠲᠣᠭᠤᠷᠢᠨ᠂ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠦᠨᠳᠦᠳᠬᠡᠬᠦ ᠪᠥᠭᠡᠳ ᠲᠡᠭᠦᠨ ᠳᠤ ᠰᠠᠶᠢᠲᠤᠷ ᠦᠢᠯᠡᠴᠢᠯᠡᠨ᠎ᠡ᠂ ᠭᠠᠷᠠᠭ ᠤᠨ ᠡᠳᠦᠷ ᠡᠭᠦᠳᠡ ᠪᠠᠨ ᠬᠠᠭᠠᠬᠤ ᠦᠭᠡᠢ᠂ ᠰᠢᠷᠠᠮᠥ᠋ᠷᠡᠨ ᠪᠠᠯᠭᠠᠰᠤᠨ ᠤ ᠮᠠᠯᠴᠢᠨ ᠠᠷᠠᠳ ᠨᠢᠭᠡᠪᠦᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠂ ᠰᠢᠷ᠎ᠠ ᠮᠥᠷᠡᠨ ᠪᠠᠯᠭᠠᠰᠤᠨ ᠳᠤ ᠢᠷᠡᠭᠰᠡᠨ ᠵᠤᠭᠠᠴᠠᠭᠰᠠᠳ ᠪᠣᠯᠭᠠᠨ᠂ ᠰᠢᠷᠠᠮᠥ᠋ᠷᠡᠨ ᠪᠠᠯᠭᠠᠰᠤᠨ ᠳᠤ ᠢᠷᠡᠵᠦ ᠪᠡᠯᠡ ᠣᠷᠣᠭᠤᠯᠵᠤ ᠦᠶ᠋ᠯᠡᠰ ᠪᠣᠰᠬᠠᠭᠴᠢ᠂ ᠰᠢᠷᠠᠮᠥ᠋ᠷᠡᠨ ᠪᠠᠯᠭᠠᠰᠤᠨ ᠤ ᠦᠶ᠋ᠯᠡᠰ ᠪᠣᠰᠬᠠᠭᠴᠢ ᠨᠢᠭᠡᠪᠦᠷᠢ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠰᠡᠳᠬᠢᠯᠭᠡ᠂ ᠠᠶᠤᠯᠭᠦᠶ ᠰᠡᠳᠬᠢᠯᠭᠡ᠃      ᠳᠠᠷᠬᠠᠨ ᠮᠤᠤᠮᠢᠩᠭᠠᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ
<< < 1 2 > >>  
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号