2 ᠰᠠᠷ᠎ᠡ ᠶᠢᠨ1 ᠤ ᠡᠳᠤᠷ᠂ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ | ᠰᠠᠷᠠᠩᠭᠤᠸ᠎ᠠ ᠴᠠᠭᠠᠨᠬᠠᠳᠡ ᠰᠤᠮᠤᠨ ᠤ ᠮᠠᠯᠴᠢᠨ ᠰᠦᠬᠡᠪᠠᠭᠠᠳᠤᠷ ᠤᠨ ᠬᠢᠨ ᠢ ᠪᠤᠯᠭᠤᠭᠠᠨ ᠲᠤᠬᠤᠨᠢᠭᠤᠯᠵᠤ᠂ ᠤᠯᠤᠰ | ᠲᠦᠷᠤ ᠶᠢᠨ ᠵᠦᠪᠯᠡᠯᠭᠡᠨ ᠤ ᠡᠯ᠎ᠡ ᠡᠳᠡᠭᠡᠳ ᠤᠨ ᠭᠡᠰᠢᠬᠦᠨ ᠪᠤᠯᠤᠨ ︽ᠦᠷᠭᠡᠨ ᠵᠤᠯᠡ︾ ᠲᠠᠷᠢᠵᠤ ᠲᠡᠵᠢᠭᠡᠬᠦ | ᠲᠤᠰᠬᠠᠢ ᠬᠤᠷᠰᠢᠶᠡᠵᠢᠯ ᠤᠨ ᠬᠠᠨᠳᠢᠪᠯᠠᠭᠰᠠᠨ 8600 ᠲᠦᠬᠦᠷᠢᠭ ᠤᠨ ᠲᠤᠬᠤᠨᠢᠭᠤᠯᠭ᠎ᠠ ᠶᠢᠨ ᠮᠦᠩᠭᠦ ᠬᠦᠷᠭᠡᠨ᠂ | ᠨᠠᠮ ᠪᠠ ᠵᠠᠰᠠᠭ ᠤᠨ ᠤᠷᠳᠤᠨ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠬᠠᠶᠢᠷ᠎ᠡ ᠬᠠᠯᠠᠮᠵᠢ ᠶᠢ ᠬᠦᠷᠭᠡᠭᠰᠡᠨ | ᠪᠠᠶᠢᠨ᠎ᠠ᠃ | 2020 ᠤᠨ ᠤ 10 ᠰᠠᠷ᠎ᠡ ᠳᠤ ᠰᠦᠬᠡᠪᠠᠭᠠᠳᠤᠷ ᠤᠨ ᠭᠡᠷ ᠲᠤ ᠨᠢ ᠭᠠᠯ ᠤᠨ ᠠᠶᠤᠯ ᠭᠠᠷᠴᠤ᠂ | ᠠᠮᠢᠳᠤᠷᠡᠯ ᠨᠢ ᠬᠦᠴᠢᠷᠳᠡᠵᠤ᠂ ᠤᠳᠤᠬᠠᠨ ᠪᠤᠯᠬᠤ ᠳᠤ ᠲᠡᠳᠡᠨ ᠤ ᠪᠦᠬᠦ ᠭᠡᠷ ᠢᠶᠠᠷ ᠢᠶᠠᠨ ᠬᠦᠮᠤᠷᠭᠡ ᠳᠤ ᠰᠠᠭᠤᠵᠤ | ᠪᠠᠶᠢᠭ᠎ᠠ ᠪᠠᠶᠢᠳᠡᠯ ᠢ ᠤᠶᠢᠯᠭᠠᠭᠰᠠᠨ ᠤ ᠲᠠᠷᠠᠭ᠎ᠠ ᠰᠠᠷᠠᠩᠭᠤᠸ᠎ᠠ ᠤᠯᠤᠰ ᠲᠦᠷᠤ ᠶᠢᠨ ᠵᠦᠪᠯᠡᠯᠭᠡᠨ ᠤ ᠡᠯ᠎ᠡ ᠡᠳᠡᠭᠡᠳ ᠢ | ᠵᠤᠬᠢᠶᠠᠨ ᠪᠠᠶᠢᠭᠤᠯᠵᠤ᠂ ᠰᠦᠬᠡᠪᠠᠭᠠᠳᠤᠷ ᠤᠨ ᠭᠡᠷ ᠢᠶᠠᠷ ᠬᠦᠷᠴᠤ ᠪᠡᠶ᠎ᠡ ᠶᠢᠨ ᠪᠠᠶᠢᠳᠡᠯ᠂ ᠠᠮᠢᠳᠤᠷᠠᠯ ᠤᠨ ᠪᠠᠶᠢᠳᠡᠯ ᠢ | ᠨᠢ ᠨᠠᠷᠢᠨ ᠤᠶᠢᠯᠭᠠᠵᠤ᠂ ᠲᠡᠳᠡᠨ ᠢ ᠪᠠᠶᠠᠰᠤᠩᠭᠤᠢ ᠤᠪᠤᠷ ᠢᠶᠠᠷ ᠠᠮᠢᠳᠤᠷᠡᠯ ᠳᠤ ᠪᠠᠨ ᠬᠠᠨᠳᠤᠵᠤ᠂ ᠦᠪᠡᠷ ᠢᠶᠠᠨ | ᠬᠦᠴᠤᠷᠬᠡᠭᠵᠢᠨ᠂ ᠬᠦᠴᠢᠷᠳᠡᠯ ᠢ ᠢᠯᠠᠨ ᠲᠠᠪᠠᠵᠤ᠂ ᠭᠡᠷ ᠪᠦᠯᠢ ᠪᠠᠨ ᠲᠠᠬᠢᠨ ᠴᠤᠭᠴᠠᠯᠠᠬᠤ ᠶᠢ ᠵᠤᠷᠢᠭᠵᠢᠭᠤᠯᠤᠨ᠂ | ᠴᠠᠭᠠᠨᠬᠠᠳᠡ ᠰᠤᠮᠤᠨ ᠤ ᠺᠠᠳ᠋ᠷ ᠨᠠᠷ ᠢ ᠭᠠᠮᠰᠢᠭᠳᠠᠭᠰᠠᠨ ᠭᠡᠷ ᠪᠦᠯᠢ ᠳᠤ ᠨᠡᠩ ᠶᠡᠭᠡ ᠬᠠᠶᠢᠷ᠎ᠡ ᠬᠠᠯᠠᠮᠵᠢ | ᠬᠦᠷᠳᠡᠭᠡᠬᠦ ᠶᠢᠨ ᠬᠠᠮᠳᠤ ᠲᠤᠰ ᠤᠳᠠᠭᠠᠨ ᠤ ᠭᠠᠮᠰᠢᠭ ᠠᠴᠠ ᠡᠷᠬᠡᠪᠰᠢ ᠰᠤᠷᠭᠠᠮᠵᠢ ᠠᠪᠴᠤ᠂ ᠭᠠᠴᠠᠭ᠎ᠠ ᠲᠤᠰᠬᠤᠨ ᠤ | ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠠᠮᠤᠷ ᠲᠦᠪᠰᠢᠨ ᠤ ᠲᠠᠯᠳᠡ ᠭᠡᠮ ᠢ ᠪᠦᠬᠦ ᠲᠠᠯ᠎ᠡ ᠪᠠᠷ ᠪᠠᠶᠢᠴᠠᠭᠠᠨ᠂ | ᠲᠠᠬᠢᠵᠤ ᠬᠡᠷᠡᠭ ᠠᠳᠡᠯ ᠡᠬᠦᠰᠬᠦ ᠶᠢ ᠡᠷᠡᠰ ᠬᠤᠷᠢᠭᠯᠠᠬᠤ ᠬᠡᠷᠡᠭᠳᠠᠢ ᠭᠡᠰᠡᠨ ᠪᠠᠶᠢᠨ᠎ᠠ᠃ | | | | | | | | | | | | | |