ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠶᠦᠨ ᠴᠦᠨ ᠱᠧᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ
ᠨᠡᠶᠢᠲᠡᠯᠡᠭᠰᠡᠨ ᠴᠠᠭ᠄
2021/2/4
     1 ᠰᠠᠷ᠎ᠠ ᠶᠢᠨ 28 ᠤ ᠡᠳᠦᠷ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠶᠦᠨ ᠴᠦᠨ ᠱᠧᠩ ᠮᠠᠨ ᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶ᠋ᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ᠂ ᠥᠪᠡᠷᠲᠡᠭᠡᠨ ᠵᠠᠰᠠᠬᠤ ᠣᠷᠣᠨ ᠤ ᠪᠠ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠯ᠎ᠡ ᠵᠦᠶ᠋ᠯ ᠤᠨ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠲᠣᠭᠲᠠᠭᠤᠨ᠂ ᠰᠠᠭᠤᠭᠠᠯᠢ ᠠᠷᠠᠳ ᠠᠮᠤᠷ ᠠᠮᠤᠭᠤᠯᠠᠩ ᠡᠶ᠎ᠡ ᠨᠠᠶᠢᠷᠲᠠᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠰᠢᠭᠤᠨ ᠤ ᠤᠳᠤᠷᠢᠳᠤᠯᠭ᠎ᠠ ᠯᠢᠦ ᠬᠠᠶ  ᠴᠢᠥᠸᠠᠨ᠂  ᠬᠤᠸᠠᠩ ᠯᠦᠩ᠂ ᠵᠢᠶ  ᠴᠢᠥᠸᠠᠨ ᠵᠦ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃
     ᠶᠦᠨ ᠴᠦᠨ ᠱᠧᠩ ᠡᠩ ᠲᠡᠷᠢᠭᠦᠨ ᠳᠤ ᠪᠤᠭᠤᠲᠤ ᠶᠢᠨ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠶᠢᠨ ᠪᠠ ᠷᠦᠨ ᠠᠭᠤᠷᠬᠠᠶ ᠶᠢᠨ ᠦᠶ᠋ᠯᠡᠰ ᠤᠨ ᠬᠤᠪᠢᠶᠠᠷᠢ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠬᠡᠪᠴᠢᠶ᠎ᠡ᠂ ᠦᠶ᠋ᠯᠡᠳᠪᠦᠷᠢᠯᠡᠯ ᠤᠨ ᠴᠢᠳᠠᠪᠤᠷᠢ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠶᠦᠨ ᠴᠦᠨ ᠱᠧᠩ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ ᠲᠦᠷᠦᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ ᠨᠡᠩ ᠬᠦᠨᠳᠦ ᠪᠠᠶᠢᠨ᠎ᠠ᠂ ᠰᠡᠷᠭᠡᠶᠢᠯᠡᠬᠦ ᠤᠬᠠᠮᠰᠠᠷ ᠢ ᠦᠨᠡᠨ ᠬᠦ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠴᠢᠩᠭᠠᠳᠬᠠᠵᠤ᠂ ᠠᠵᠢᠯᠳᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠠᠮᠤᠷ ᠲᠦᠪᠰᠢᠨ ᠤ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠶ ᠦᠶ᠋ᠯᠡᠳᠪᠦᠷᠢᠯᠡᠯ ᠢ ᠰᠠᠶᠢᠲᠤᠷ ᠠᠳᠬᠤᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠵᠣᠬᠢᠴᠠᠩᠭᠤᠶ ᠠᠬᠢᠭᠤᠯᠵᠤ᠂ ᠦᠶ᠋ᠯᠡᠳᠪᠦᠷᠢᠯᠡᠯ ᠤᠨ ᠬᠥᠭᠵᠢᠯᠲᠡ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢ ᠵᠡᠷᠭᠡ ᠪᠠᠷ ᠠᠳᠬᠤᠵᠤ᠂ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃
     ᠬᠤᠸᠠ ᠢ ᠪᠠᠶᠢᠭᠠᠯᠢ ᠶᠢᠨ ᠰᠢᠲᠠᠮᠠᠬᠠᠶ ᠬᠡᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠶᠦᠨ ᠴᠦᠨ ᠱᠧᠩ ᠰᠢᠲᠠᠮᠠᠬᠠᠶ ᠬᠡᠶ ᠶᠢᠨ ᠬᠠᠩᠭᠠᠯᠭ᠎ᠠ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠨᠢ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭ᠎ᠠ ᠠᠳᠬᠤᠵᠤ᠂ ᠲᠥᠬᠦᠭᠡᠷᠦᠮᠵᠢ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤ ᠶᠢᠨ ᠴᠢᠨᠠᠷᠲᠠᠶ ᠥᠷᠨᠢᠭᠦᠯᠵᠦ᠂ ᠠᠶᠤᠯᠭᠦᠶ ᠦᠶ᠋ᠯᠡᠳᠪᠦᠷᠢᠯᠡᠯ ᠤᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠲᠠᠮᠠᠬᠠᠶ ᠬᠡᠶ ᠶᠢᠨ ᠢᠷᠡᠯᠲᠡ ᠶᠢ ᠪᠠᠲᠤᠯᠠᠵᠤ᠂ ᠵᠦᠶ ᠵᠣᠬᠢᠰᠲᠠᠶ ᠲᠣᠬᠢᠷᠠᠭᠤᠯᠵᠤ᠂ ᠵᠢᠵᠢᠭᠦᠷᠯᠡᠨ ᠰᠠᠬᠢᠬᠤ ᠪᠠ ᠠᠷᠤ ᠲᠠᠯ᠎ᠠ ᠶᠢᠨ ᠦᠶ᠋ᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠰᠢᠲᠠᠮᠠᠬᠠᠶ ᠬᠡᠶ ᠭᠦᠶ᠋ᠴᠡᠳ ᠬᠠᠩᠭᠠᠵᠤ᠂ ᠰᠠᠭᠤᠭᠠᠯᠢ ᠠᠷᠠᠳ ᠤᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号