ᠴᠠᠭᠠᠨ ᠰᠠᠷ᠎ᠠ ᠣᠶᠢᠷᠠᠲᠤᠵᠤ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠡᠪᠦᠷᠯᠡᠨ᠂ | 2 ᠰᠠᠷ᠎ᠠ ᠶᠢᠨ 3 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠥᠸᠠᠨ ᠬᠤᠰᠢᠭᠤᠨ ᠳᠤ ᠰᠠᠭᠤᠭ᠎ᠠ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢ ᠪᠣᠯᠤᠨ ᠬᠡᠰᠡᠭ ᠬᠦᠴᠢᠷᠳᠡᠯᠲᠡᠶ ᠣᠯᠠᠨ ᠲᠦᠮᠡᠨ ᠢ ᠳᠣᠲᠣᠨᠣ ᠪᠠᠷ | ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠣᠯᠤᠨ ᠲᠣᠬᠤᠨᠢᠭᠤᠯᠬᠤ ᠮᠥᠩᠭᠦ᠂ ᠲᠣᠬᠤᠨᠢᠭᠤᠯᠬᠤ | ᠪᠣᠳᠠᠰ ᠬᠦᠷᠭᠡᠪᠡ᠃ | | ᠯᠢᠦ ᠬᠠᠶ ᠴᠢᠥᠸᠠᠨ ᠡᠩ ᠲᠡᠷᠢᠭᠦᠨ ᠳᠤ ᠷᠠᠳᠠᠷ ᠤᠨ ᠪᠠᠲᠯᠢᠶᠣᠨ ᠤ ᠴᠡᠷᠢᠭ ᠠᠩᠭᠢ ᠳᠤ ᠬᠦᠷᠴᠦ᠂ | ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠭᠠᠷ ᠠᠳᠬᠤᠵᠤ᠂ ᠲᠡᠳᠡᠨ ᠤ ᠠᠵᠢᠯ ᠠᠮᠢᠳᠤᠷᠠᠯ ᠵᠢᠴᠢ ᠴᠡᠷᠢᠭ | ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠦᠶ᠋ᠯᠡᠰ ᠪᠣᠯᠤᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠴᠢᠬᠤᠯᠠ ᠬᠤᠪᠢ | ᠨᠡᠮᠡᠷᠢ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ᠂ ᠲᠡᠳᠡᠨ ᠢ ᠵᠠᠰᠠᠭ ᠢᠶᠠᠨ ᠬᠦᠷᠢᠶᠡᠯᠡᠨ ᠠᠷᠠᠳ ᠢᠶᠠᠨ | ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠬᠤᠪᠢᠰᠬᠠᠯ ᠤᠨ | ᠣᠭ ᠴᠢᠨᠠᠷ ᠢᠶᠠᠨ ᠮᠠᠷᠲᠠᠯ ᠥᠬᠡᠶ᠂ ᠴᠡᠷᠢᠭ ᠠᠩᠭᠢ ᠪᠠ ᠣᠷᠣᠨ ᠨᠤᠲᠤᠭ ᠤᠨ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠬᠠᠮᠠᠭᠠᠯᠠᠬᠤ ᠶᠢᠨ ᠲᠥᠯᠥᠭᠡ ᠴᠥᠬᠦᠷᠡᠰᠢ | ᠥᠬᠡᠶ ᠴᠢᠷᠮᠠᠶᠢᠬᠤ ᠬᠡᠷᠡᠭᠲᠡᠶ ᠭᠡᠵᠦ ᠬᠦᠰᠡᠪᠡ᠃ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠭᠡ ᠠᠩᠭᠢ ᠳᠤ᠂ ᠯᠢᠦ | ᠬᠠᠶ ᠴᠢᠥᠸᠠᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠤᠨ ᠠᠮᠢᠳᠤᠷᠠᠯ᠂ ᠪᠣᠯᠪᠠᠰᠤᠷᠠᠯ | ᠪᠣᠯᠤᠨ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ | ᠭᠠᠯ ᠰᠡᠷᠭᠡᠶᠢᠯᠡᠵᠦ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠶ᠋ᠴᠡᠳ ᠨᠤᠲᠠᠯᠠᠵᠤ᠂ | ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠭᠡ ᠠᠩᠭᠢ ᠶᠢᠨ ᠬᠢᠨ ᠣᠷᠳᠣ ᠬᠤᠭᠤᠴᠠᠭᠠᠨ ᠤ ᠲᠤᠷᠰᠢ ᠣᠷᠣᠨ | ᠨᠤᠲᠤᠭ ᠤᠨ ᠠᠵᠤ ᠠᠬᠤᠶ ᠳᠤ ᠦᠶ᠋ᠯᠡᠴᠢᠯᠡᠵᠦ᠂ ᠬᠠᠷᠢᠶ᠎ᠠ ᠣᠷᠣᠨ ᠤ ᠠᠷᠠᠳ ᠲᠦᠮᠡᠨ ᠤ ᠠᠮᠢ ᠨᠠᠰᠤ ᠪᠣᠯᠤᠨ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ᠂ ᠪᠥᠬᠦ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠭᠤᠤᠯ | ᠬᠦᠴᠦᠨ ᠴᠡᠷᠢᠭ ᠤᠨ ᠦᠶ᠋ᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠵᠦᠶ᠋ᠯ ᠤᠨ ᠬᠠᠷᠠᠯᠲᠠ ᠪᠠ | ᠡᠭᠦᠷᠭᠡ ᠪᠠᠨ ᠡᠷᠡᠰ ᠰᠠᠶᠢᠲᠤᠷ ᠪᠡᠶᠡᠯᠡᠭᠦᠯᠵᠦ᠂ ︽ᠠᠮᠤᠷ ᠠᠮᠤᠭᠤᠯᠠᠩ ᠳᠠᠷᠬᠠᠨ ᠮᠤᠤᠮᠢᠩᠭᠠᠨ︾ ᠢ ᠴᠣᠭᠴᠠᠯᠠᠬᠤ᠂ | ᠡᠶ᠎ᠡ ᠵᠣᠬᠢᠴᠠᠩᠭᠤᠶ ᠨᠡᠶᠢᠭᠡᠮ ᠢ ᠪᠠᠶᠢᠭᠤᠯᠬᠤ ᠳᠤ ᠰᠠᠶᠢᠨ ᠰᠠᠶᠢᠬᠠᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ | ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠶ ᠭᠡᠵᠦ ᠬᠦᠰᠡᠪᠡ᠃ ᠢᠯᠠᠩᠭᠤᠶ᠎ᠠ ᠴᠠᠭᠠᠨ ᠰᠠᠷ᠎ᠠ ᠶᠢᠨ | ᠬᠤᠭᠤᠴᠠᠭᠠᠨ ᠳᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠵᠦ᠂ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠠᠷᠠᠳ | ᠣᠯᠠᠨ ᠤ ᠪᠠᠶᠠᠷ ᠬᠥᠷ ᠲᠠᠢ ᠪᠥᠭᠡᠳ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ | | ᠳᠠᠷᠠᠭ᠎ᠠ ᠨᠢ᠂ ᠯᠢᠦ ᠬᠠᠶ ᠴᠢᠥᠸᠠᠨ ᠤᠷᠢᠳ ᠬᠤᠵᠢᠳ ᠶᠠᠳᠠᠭᠤ ᠬᠦᠴᠢᠷᠳᠡᠯᠲᠡᠶ ᠨᠠᠮ ᠤᠨ ᠭᠡᠰᠢᠭᠦᠨ | ᠬᠤᠲ᠋ᠠᠨᠰᠧᠷᠡᠩ᠂ ᠬᠦᠴᠢᠷᠳᠡᠯᠲᠡᠶ ᠵᠡᠮᠳᠡᠭ ᠴᠢᠯᠠᠭᠤ᠂ ᠶᠠᠳᠠᠭᠤ ᠬᠦᠴᠢᠷᠳᠡᠯᠲᠡᠶ ᠡᠮᠡᠭᠲᠡᠶ ᠠᠯᠢᠮ᠎ᠠ ᠶᠢᠨ ᠬᠡᠷ ᠲᠤ | ᠬᠦᠷᠴᠦ ᠲᠣᠬᠤᠨᠢᠭᠤᠯᠪᠠ᠃ ᠬᠦᠷᠦᠭᠰᠡᠨ ᠡᠷᠦᠬᠡ ᠪᠣᠯᠭᠠᠨ ᠳᠤ ᠯᠢᠦ ᠬᠠᠶ ᠴᠢᠥᠸᠠᠨ ᠲᠡᠳᠡᠨ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠦᠶ᠋ᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠣᠷᠣᠨ ᠰᠠᠭᠤᠴᠠ᠂ ᠡᠮ ᠡᠮᠨᠡᠯᠭᠡ ᠶᠢᠨ | ᠳᠠᠭᠠᠳᠬᠠᠯ᠂ ᠦᠷ᠎ᠡ ᠬᠡᠤᠬᠡᠳ ᠤᠨ ᠬᠢᠨᠢ ᠠᠵᠢᠯ ᠣᠯᠭᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ | ᠠᠰᠠᠭᠤᠳᠠᠯ ᠢ ᠨᠠᠷᠢᠨ ᠣᠶᠢᠯᠠᠭᠠᠪᠠ᠃ ᠯᠢᠦ ᠬᠠᠶ ᠴᠢᠥᠸᠠᠨ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠠᠮ ᠤᠨ ᠠᠴᠢ ᠳᠤ ᠲᠠᠯᠠᠷᠬᠠᠵᠤ᠂ ᠤᠷᠤᠭᠰᠢᠯᠠᠨ ᠳᠠᠪᠰᠢᠬᠤ ᠶᠢ | ᠮᠡᠳᠡᠵᠦ᠂ ᠢᠮᠠᠭᠲᠠ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠲᠣᠰ ᠪᠡᠶ᠎ᠡ ᠶᠢᠨ ᠴᠢᠷᠮᠠᠶᠢᠯᠭ᠎ᠠ ᠪᠠ ᠵᠠᠰᠠᠭ ᠤᠨ | ᠣᠷᠳᠣᠨ ᠤ ᠬᠠᠯᠠᠮᠵᠢᠯᠠᠯ ᠬᠠᠪᠰᠤᠷᠤᠯᠭ᠎ᠠ ᠪᠠᠷ ᠳᠠᠮᠵᠢᠭᠤᠯᠤᠨ ᠦᠶ᠋ᠯᠡᠳᠪᠦᠷᠢᠯᠡᠯ ᠠᠮᠢᠳᠤᠷᠠᠯ ᠤᠨ ᠪᠠᠶᠢᠳᠠᠯ ᠢᠶᠠᠨ | ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ ᠭᠡᠵᠦ ᠵᠣᠷᠢᠭᠵᠢᠭᠤᠯᠪᠠ᠃ ᠡᠭᠦᠨ ᠤ ᠬᠠᠮᠲᠤ᠂ ᠯᠢᠦ ᠬᠠᠶ ᠴᠢᠥᠸᠠᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠡᠷᠬᠡᠪᠰᠢ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ | ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠴᠠᠭ ᠲᠤᠬᠠᠶ ᠳᠤᠨᠢ | ᠬᠠᠯᠠᠮᠵᠢᠯᠠᠵᠤ᠂ ᠲᠡᠳᠡᠨ ᠢ ᠬᠠᠪᠰᠤᠷᠤᠨ ᠠᠮᠢᠳᠤᠷᠠᠯ᠂ ᠦᠶ᠋ᠯᠡᠳᠪᠦᠷᠢᠯᠡᠯ ᠤᠨ ᠬᠦᠴᠢᠷᠳᠡᠯ ᠢ ᠨᠢ ᠰᠢᠶ᠋ᠳᠪᠦᠷᠢᠯᠡᠵᠦ᠂ | ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠶ᠋ᠴᠡᠳ ᠮᠡᠳᠡᠷᠡᠭᠦᠯᠬᠦ ᠬᠡᠷᠡᠭᠲᠡᠶ ᠭᠡᠵᠦ | ᠱᠠᠭᠠᠷᠳᠠᠪᠠ᠃ | | ᠬᠤᠰᠢᠭᠤᠨ ᠤ ᠤᠳᠤᠷᠢᠳᠤᠯᠭ᠎ᠠ ᠰᠡᠷᠭᠦᠯᠡᠩ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠷ᠎ᠠ ᠪᠣᠯᠵᠤ ᠲᠣᠬᠤᠨᠢᠭᠤᠯᠪᠠ᠃ | | | |