ᠰᠢᠥᠸᠠᠢ ᠰᠥᠩ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ ᠢᠮᠠᠭᠲᠠ ᠲᠤᠤᠱᠯᠠᠭᠤᠯᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/2/8
     2 ᠰᠠᠷ᠎ᠠ ᠶᠢᠨ 7 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠥᠸᠠᠢ ᠰᠥᠩ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ᠂ ᠪᠤᠭᠤᠲᠤ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠢᠰᠲ᠋ᠧᠮ ᠲᠠᠢ ᠵᠠᠰᠠᠬᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠣᠶᠢᠯᠠᠭᠠᠭᠳᠠᠬᠤᠨ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠲᠤᠭᠤᠰᠢᠯᠠᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠵᠢᠴᠢ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠣᠣ ᠫᠸᠢ ᠴᠢᠩ ᠬᠤᠷᠠᠯ ᠢ ᠡᠷᠭᠢᠯᠡᠪᠡ᠃      ᠰᠢᠥᠸᠠᠢ ᠰᠦᠩ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠩᠭᠡᠷᠡᠭᠰᠡᠨ ᠨᠢᠭᠡ ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠣᠯᠤᠭᠰᠠᠨ ᠰᠢᠨ᠎ᠡ ᠴᠢᠬᠤᠯᠠ ᠶᠡᠭᠡ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠠᠭ ᠢᠮᠠᠭᠲᠠ ᠠᠬᠢᠭᠤᠯᠬᠤ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠪᠢᠳᠡᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ᠂ ᠺᠠᠳ᠋ᠷ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠡᠵᠡᠮᠰᠢᠵᠦ᠂ ᠤᠯᠤᠰ ᠲᠥᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠡᠷᠡᠰ ᠭᠤᠶᠢᠪᠢᠰᠢ ᠦᠭᠡᠢ ᠴᠢᠩᠭ᠎ᠠ ᠭᠤᠣᠯ ᠬᠥᠭ ᠠᠶᠠᠰ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠤ᠂ ᠤᠯᠤᠰ ᠲᠥᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ ᠶᠢᠨ ᠤᠬᠠᠬᠤ ᠴᠢᠳᠠᠪᠤᠷᠢ᠂ ᠤᠯᠤᠰ ᠲᠥᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠬᠡᠷ ᠴᠢᠯᠠᠭᠤ ᠡᠭᠦᠷᠡᠵᠦ ᠠᠭᠤᠯᠠᠨ ᠳᠤ ᠭᠠᠷᠬᠤ ᠡᠷᠴᠢ ᠵᠣᠷᠢᠭ ᠢᠶᠠᠷ ᠮᠠᠨ ᠤ ᠬᠤᠰᠢᠭᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠨᠠᠩ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠭᠡᠯ ᠢ ᠲᠡᠮᠡᠴᠡᠨ ᠣᠯᠬᠤ ᠬᠡᠷᠡᠭᠲᠡᠢ᠃
      ᠰᠢᠥᠸᠠᠢ ᠰᠦᠩ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠬᠦᠴᠦᠲᠡᠢ ᠤᠯᠤᠰ ᠲᠦᠷᠦ ᠶᠢᠨ ᠬᠢᠨᠠᠯᠲᠠ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠶᠢᠨ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠤ ᠶᠢᠨ ᠬᠢᠨᠠᠯᠲᠠ᠂ ᠬᠢᠨᠠᠨ ᠪᠠᠶᠢᠴᠠᠭᠠᠯᠲᠠ ᠶᠢᠨ ᠬᠢᠨᠠᠯᠲᠠ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠲᠠᠬᠢᠨ ᠴᠢᠩᠭᠠᠷᠠᠭᠤᠯᠬᠤ᠂ ᠬᠢᠨᠠᠯᠲᠠ ᠲᠠᠯᠪᠢᠬᠤ ᠬᠦᠴᠦᠨ ᠢ ᠲᠠᠬᠢᠨ ᠠᠭᠤᠰᠤᠯᠴᠠᠭᠤᠯᠬᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠲᠠᠬᠢᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠬᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠠᠵᠢᠯ ᠲᠦᠷᠦᠯ ᠪᠣᠯᠤᠨ ᠤᠯᠠᠨ ᠲᠦᠮᠡᠨ ᠤ ᠳᠡᠷᠭᠡᠳᠡᠬᠢ ᠢᠯᠵᠢᠷᠡᠯ ᠢ ᠬᠦᠴᠦᠯᠡᠨ ᠴᠡᠭᠴᠡᠯᠡᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠬᠡᠷᠡᠭᠲᠡᠢ᠃ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠴᠢᠬᠤᠯᠠ ᠭᠤᠭᠴᠤᠭ᠎ᠠ ᠶᠢ ᠰᠠᠬᠢᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠠᠶᠢᠭᠤᠯᠭ᠎ᠠ ᠶᠢᠨ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠤᠷᠲᠠᠯ ᠳᠤ ᠬᠢᠨᠠᠯᠲᠠ  ᠲᠠᠯᠪᠢᠬᠤ ᠲᠠᠪᠴᠠᠩ ᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠡᠮ ᠡᠮᠨᠡᠯᠭᠡ᠂ ᠠᠵᠢᠯ ᠣᠯᠭᠤᠬᠤ ᠦᠢᠯᠡᠰ ᠪᠤᠰᠬᠠᠬᠤ᠂ ᠨᠠᠰᠤᠵᠢᠯ ᠤᠨ ᠠᠰᠠᠷᠠᠮᠵᠢ ᠨᠡᠶᠢᠭᠡᠮ ᠤᠨ ᠳᠠᠭᠠᠳᠬᠠᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ ᠠᠷᠤ ᠳᠠᠬᠢ ︽ᠬᠠᠮᠠᠭᠠᠯᠠᠭᠴᠢ︾ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠶᠠᠪᠤᠴᠠ ᠳᠠᠬᠢ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠬᠦ᠂ ᠠᠳᠠᠯᠢ ᠴᠢᠭᠯᠡᠯ ᠢᠶᠠᠷ ᠬᠦᠴᠦᠯᠡᠬᠦ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠳᠤ ᠰᠠᠭᠤᠷᠢᠯᠠᠵᠤ᠂ ᠬᠢᠨᠠᠯᠲᠠ ᠲᠠᠯᠪᠢᠬᠤ ᠶᠢ ᠨᠠᠮ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠦᠬᠦᠨ ᠢ ᠬᠠᠮᠤᠷᠤᠭᠰᠠᠨ ᠬᠠᠷᠢᠭᠤᠴᠠᠯᠭ᠎ᠠ ᠶᠢᠨ ᠳᠦᠷᠢᠮ ᠪᠠ ᠬᠢᠨᠠᠯᠲᠠ ᠲᠠᠯᠪᠢᠬᠤ ᠳᠦᠷᠢᠮ ᠢ ᠪᠠᠶᠢᠭᠤᠯᠵᠤ᠂ ᠨᠢᠭᠲᠠ ᠴᠢᠩᠭ᠎ᠠ ᠬᠢᠨᠠᠯᠲᠠ ᠲᠠᠯᠪᠢᠬᠤ ᠰᠢᠰᠲ᠋ᠧᠮ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃      ᠰᠢᠥᠸᠠᠢ ᠰᠦᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠡᠷᠡᠰ ᠡᠭᠦᠷᠭᠡᠯᠡᠵᠦ᠂ ᠴᠢᠩᠭ᠎ᠠ ᠠᠳᠬᠤᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠪᠦᠬᠦ ᠬᠦᠴᠦ ᠪᠠᠷ ᠢᠶᠠᠨ ᠳᠡᠮᠵᠢᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠨᠠᠮ ᠪᠠ ᠤᠯᠤᠰ ᠤᠨ ᠬᠢᠨᠠᠯᠲᠠ ᠲᠠᠯᠪᠢᠬᠤ ᠲᠤᠰᠬᠠᠶ ᠬᠠᠷᠢᠭᠤᠴᠠᠯᠭᠠᠲᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠲᠦᠷᠦᠭᠦᠯᠡᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠦᠷᠦᠭᠦᠯᠡᠨ ᠬᠢᠵᠠᠭᠠᠷᠯᠠᠯ ᠬᠢᠨᠠᠯᠲᠠ ᠶᠢ ᠬᠦᠯᠢᠶᠡᠵᠦ᠂ ᠲᠦᠷᠦᠭᠦᠯᠡᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠮᠠᠭᠲᠠ ᠨᠠᠮ ᠢ ᠰᠠᠨᠠᠭ᠎ᠠ ᠠᠮᠤᠷ ᠪᠠᠶᠢᠯᠭᠠᠵᠤ᠂ ᠣᠯᠠᠨ ᠲᠦᠮᠡᠨ ᠢ ᠢᠲᠡᠭᠡᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠬᠠᠮᠰᠠᠷ ᠠᠴᠠ ᠪᠠᠨ ᠲᠥᠪ ᠴᠢᠬᠡᠴᠢ ᠰᠤᠷᠲᠠᠯ ᠢ ᠪᠤᠢ ᠪᠣᠯᠭᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠤᠬ ᠰᠠᠨᠠᠭ᠎ᠠ ᠪᠠᠨ ᠰᠠᠬᠢᠬᠤ ᠳᠤᠮᠳᠠ ᠦᠨᠡᠨᠴᠢ ᠰᠢᠳᠤᠷᠭᠤ ᠪᠠᠶᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠳᠤᠮᠳᠠ ᠤᠤᠷ ᠴᠢᠨᠠᠷ ᠢᠶᠠᠨ ᠢᠯᠡᠷᠡᠭᠦᠯᠵᠦ᠂ ᠨᠠᠮ ᠤᠨ ᠰᠤᠷᠲᠠᠯ  ᠴᠢᠭᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠰᠢᠯᠢᠳᠡᠭ ᠠᠮᠵᠢᠯᠲᠠ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠶᠤᠤ ᠫᠸᠢ ᠴᠢᠩ ᠬᠤᠷᠠᠯ ᠡᠷᠭᠢᠯᠡᠬᠦ ᠳᠡᠭᠡᠨ ᠵᠢᠭᠠᠵᠤ ᠭᠠᠷᠭᠠᠭᠰᠠᠨ ᠨᠢ᠂ ᠰᠢᠥᠸᠠᠢ ᠰᠥᠩ ᠨᠥᠬᠦᠷ ᠤᠨ ᠶᠠᠷᠢᠶ᠎ᠠ ᠨᠢ ᠥᠩᠭᠡᠷᠡᠭᠰᠡᠨ ᠨᠢᠭᠡ ᠵᠢᠯ ᠤᠨ ᠮᠠᠨ ᠤ ᠬᠤᠰᠢᠭᠤᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠭᠰᠠᠨ᠂ ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠶ᠋ᠴᠡᠳ ᠨᠤᠲᠠᠯᠠᠵᠤ᠂ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠡᠭᠦᠷᠭᠡᠯᠡᠵᠦ ᠪᠠᠶᠢᠭ᠎ᠠ ᠰᠢᠨ᠎ᠡ ᠡᠭᠦᠷᠭᠡ ᠶᠢ ᠪᠤᠰᠤᠳᠴᠢ ᠪᠠᠷ ᠵᠠᠳᠠᠯᠵᠤ᠂ ᠣᠳᠣᠬᠠᠨ ᠤ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠪᠠ ᠬᠠᠷᠠᠯᠲᠠ ᠡᠭᠦᠷᠭᠡ ᠶᠢ ᠲᠣᠳᠣᠷᠬᠠᠶᠢᠯᠠᠵᠠᠶ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠭᠦᠷᠭᠡ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠢᠳᠠᠪᠤᠷᠢᠵᠢᠭᠤᠯᠬᠤ᠂ ᠮᠠᠨ ᠤ ᠬᠤᠰᠢᠭᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃      ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ 2 ᠰᠠᠷ᠎ᠠ ᠶᠢᠨ 7 ᠤ ᠡᠳᠦᠷ ᠬᠤᠷᠠᠯᠳᠤᠪᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠵᠦ᠂ ᠶᠣᠣ ᠫᠸᠢ ᠴᠢᠩ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠳᠠᠷᠬᠠᠨ ᠮᠤᠤᠮᠢᠩᠭᠠᠨ ᠢ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号