ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠵᠤ ᠬᠥᠮᠦᠨ ᠤ ᠠᠮᠢᠳᠤᠷᠠᠯ ᠢ ᠨᠡᠩ ᠭᠤᠶᠢᠳᠠ ᠰᠠᠶᠢᠬᠠᠨ ᠪᠣᠯᠭᠠᠨ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/8
     ︽ᠶᠠᠭᠤ ᠶᠢ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠭᠡᠬᠦ ᠪᠣᠶ︖ ︽ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠤᠯᠴᠠᠬᠤ ᠨᠢ ᠰᠤᠷᠤᠭᠴᠢᠳ ᠲᠤ ᠶᠠᠮᠠᠷ ᠶᠠᠮᠠᠷ ᠰᠠᠶᠢᠨ ᠲᠠᠯ᠎ᠠ ᠲᠠᠢ ᠪᠣᠶ︖ ︽ᠬᠡᠦᠬᠡᠳ ᠪᠠᠭ᠎ᠠ ᠰᠤᠷᠭᠠᠭᠤᠯᠢ ᠳᠤ ᠣᠷᠣᠮᠠᠭᠴᠠ ᠪᠠᠨ ᠮᠣᠩᠭᠤᠯ ᠭᠠᠯᠢᠭ ᠰᠤᠷᠬᠤ ᠪᠠᠷ ᠪᠠᠷᠠᠬᠤ ᠦᠭᠡᠢ ᠬᠢᠲᠠᠳ ᠬᠡᠯᠡᠨ ᠤ ᠭᠠᠯᠢᠭ ᠰᠤᠷᠳᠠᠭ᠂ ᠡᠭᠦᠨ ᠢ ᠬᠤᠳᠬᠤᠯᠳᠤᠭᠤᠯᠵᠤ ᠪᠣᠯᠤᠨ᠎ᠠ ᠤᠤ︖ ᠶᠠᠭᠠᠬᠢᠵᠤ ᠰᠤᠷᠬᠤ ᠪᠣᠶ︖ ᠣᠶᠢᠷ᠎ᠠ ᠳᠤ᠂ ᠬᠡᠰᠡᠭ ᠰᠣᠷᠣᠭᠴᠢ ᠵᠢᠴᠢ ᠬᠡᠷ ᠤᠨ ᠠᠬᠠᠮᠠᠳ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠬᠠᠮᠢᠶ᠎ᠠ ᠪᠥᠬᠦᠶ ᠠᠰᠠᠭᠤᠯᠲᠠ ᠳᠤᠷᠠᠳᠴᠠᠶ᠃
     ︽ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠬᠤ ᠪᠣᠯ ᠨᠠᠮ ᠪᠣᠯᠤᠨ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠤᠷᠤᠯᠴᠠᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠲᠤᠷ ᠰᠤᠷᠤᠯᠴᠠᠨ ᠡᠵᠡᠮᠰᠢᠪᠡᠯ᠂ ᠦᠭᠡ ᠬᠡᠯᠡ ᠶᠢ ᠪᠤᠰᠤᠳ ᠭᠠᠵᠠᠷ ᠣᠷᠣᠨ ᠲᠠᠢ ᠤᠯᠤᠯᠴᠠᠬᠤ ᠬᠥᠭᠦᠷᠭᠡ ᠪᠣᠯᠭᠠᠵᠤ᠂ ᠨᠡᠩ ᠤᠯᠠᠨ ᠮᠡᠳᠡᠯᠭᠡ ᠣᠯᠵᠤ᠂ ᠨᠡᠩ ᠬᠤᠯᠠ ᠶᠢ ᠵᠣᠷᠢᠵᠤ ᠴᠢᠳᠠᠬᠤ ᠪᠣᠯᠤᠨ᠎ᠠ᠃︾᠃
      2ᠰᠠᠷ᠎ᠠ ᠶᠢᠨ 7 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠵᠤ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠠᠯᠲᠠᠨ ᠪᠠᠭᠠᠨ᠎ᠠ ᠫᠷᠤᠹᠧᠰᠰᠤᠷ ᠢ ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠬᠠᠶ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠯᠭᠡᠪᠡ᠃ ᠶᠢᠨ ᠵᠤᠸᠠᠩ ᠫᠷᠤᠹᠧᠰᠰᠤᠷ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠠᠮᠢᠳᠤᠯᠢᠭ ᠪᠥᠭᠡᠳ ᠨᠠᠷᠢᠨ ᠲᠠᠶᠢᠯᠤᠮᠵᠢ ᠬᠢᠭᠰᠡᠨ ᠪᠥᠭᠡᠳ ᠲᠣᠰ ᠪᠡᠶ᠎ᠡ ᠶᠢᠨ ᠪᠣᠳᠠᠲᠤ ᠥᠩᠭᠡᠷᠡᠯᠲᠡ ᠲᠠᠢ ᠪᠠᠨ ᠤᠶᠠᠯᠳᠤᠭᠤᠯᠤᠨ ᠣᠯᠠᠨ ᠲᠠᠢ ᠲᠤᠷᠰᠢᠯᠭ᠎ᠠ ᠪᠠᠨ ᠬᠤᠪᠢᠶᠠᠯᠴᠠᠵᠤ᠂ ᠣᠯᠠᠨ ᠤ ᠡᠷᠡᠭᠡᠯᠵᠡᠭᠡ ᠶᠢ ᠳᠡᠶᠢᠯᠵᠦ ᠥᠭᠪᠡ᠃
     ᠬᠠᠮᠤᠭ ᠤᠨ ᠠᠭᠤᠤ ᠶᠡᠭᠡ ᠬᠦᠴᠦᠨ ᠪᠣᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠥᠷᠭᠡᠨ ᠣᠯᠠᠨ ᠵᠠᠯᠠᠭᠤᠴᠤᠳ ᠪᠠᠭᠠᠴᠤᠳ ᠢ ᠬᠠᠪᠰᠤᠷᠤᠨ ᠪᠠᠭ᠎ᠠ ᠠᠴᠠ ᠨᠢ ︽ᠳᠤᠮᠳᠠᠳᠤ ᠤᠯᠤᠰ ᠢᠶᠠᠨ ᠬᠠᠶᠢᠷᠠᠯᠠᠵᠤ᠂ ᠡᠬᠡ ᠤᠯᠤᠰ ᠢᠶᠠᠨ ᠬᠠᠶᠢᠷᠠᠯᠠᠬᠤ︾ ᠦᠷ᠎ᠡ ᠶᠢ ᠳᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠲᠠᠰᠤᠷᠠᠯᠲᠠ ᠥᠬᠡᠶ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃      ᠵᠢᠨ‌ᠵᠤᠸᠠᠩ ᠫᠷᠣᠫᠧᠰᠰᠤᠷ ᠤᠨ ᠲᠠᠶᠢᠯᠪᠤᠷᠢᠯᠠᠯᠲᠠ ᠨᠢ ᠲᠠᠯᠠᠪᠠᠢ ᠳᠤ ᠪᠠᠶ᠋ᠭ᠎ᠠ ᠬᠥᠮᠦᠰ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠤᠠᠢ ᠰᠦᠩ ᠲᠤᠬᠠᠶ ᠶᠢᠨ ᠲᠠᠯᠠᠪᠠᠶ ᠳᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ᠂ ᠶᠠᠷᠢᠶᠠᠨ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠤᠨ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠣᠶᠤᠨ ᠰᠠᠨᠠᠭᠠᠨ ᠤ ᠬᠦᠴᠦᠨ ᠤ ᠰᠦᠭ ᠰᠦᠨᠡᠰᠦ ᠮᠥᠨ᠃ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠥᠪ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠪᠠ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠰᠠᠶᠢᠲᠤᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号