ᠴᠠᠰᠤ ᠠᠷᠢᠯᠭᠠᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ︕
ᠨᠡᠶᠢᠲᠡᠯᠡᠭᠰᠡᠨ ᠴᠠᠭ᠄
2021/3/1
      27 ᠤ ᠡᠳᠦᠷ ᠤᠨ ᠦᠳᠡ ᠶᠢᠨ ᠬᠤᠶᠢᠨ᠎ᠠ᠂ ᠳᠤᠮᠳᠠ ᠴᠠᠰᠤ ᠶᠡᠭᠡ ᠪᠠᠷ ᠣᠷᠣᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠠᠴᠠ ᠪᠣᠯᠵᠣ᠂ ᠳᠠᠷᠬᠠᠨ ᠮᠤᠤᠮᠢᠩᠭᠠᠨ ᠤ ᠬᠢᠯᠢ ᠳᠣᠲᠣᠷᠠᠬᠢ ᠬᠡᠰᠡᠭ ᠵᠠᠮ ᠳᠡᠭᠡᠷ᠎ᠡ ᠮᠥᠰᠥ ᠬᠥᠯᠳᠡᠵᠦ᠂ ᠴᠠᠰᠤ ᠮᠥᠰᠥ ᠬᠥᠯᠳᠡᠬᠦ ᠦᠵᠡᠭᠳᠡᠯ ᠭᠠᠷᠴᠤ᠂ ᠠᠮᠤᠷ ᠲᠦᠪᠰᠢᠨ ᠢ ᠨᠥᠯᠥᠭᠡᠯᠡᠪᠡ᠃ ᠪᠤᠭᠤᠲᠤ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠭᠠᠵᠠᠷ ᠤᠨ ᠳᠥᠷᠪᠡᠳᠦᠭᠡᠷ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠳᠠᠷᠦ᠋ᠢᠬᠠᠨ ᠴᠠᠰᠤ ᠠᠷᠢᠯᠭᠠᠵᠤ ᠮᠥᠰᠥ ᠠᠷᠢᠯᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠠᠵᠢᠯᠲᠠᠨ᠂ ᠲᠥᠬᠦᠭᠡᠷᠦᠮᠵᠢ᠂ ᠡᠳ᠋ ᠪᠣᠳᠠᠰ ᠢ ᠴᠠᠭ ᠲᠤᠬᠠᠶ ᠳᠤᠨᠢ ᠪᠣᠳᠠᠲᠠᠶᠢᠵᠢᠭᠤᠯᠵᠤ᠂ ᠵᠠᠮ ᠳᠡᠭᠡᠷᠡᠬᠢ ᠴᠠᠰᠤ ᠠᠷᠢᠯᠭᠠᠵᠤ ᠮᠥᠰᠥ ᠠᠷᠢᠯᠭᠠᠬᠤ ᠰᠠᠭᠠᠳ ᠥᠬᠡᠶ ᠨᠡᠪᠲᠡᠷᠡᠬᠦ ᠠᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂ ᠴᠠᠰᠤ ᠠᠷᠢᠯᠭᠠᠬᠤ ᠠᠵᠢᠯ ᠮᠥᠨ ᠬᠦ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
      S 104 ᠱᠤᠭᠤᠮ ᠤᠨ ᠴᠠᠰᠤ ᠠᠷᠢᠯᠭᠠᠬᠤ᠃
      S 211 ᠱᠤᠭᠤᠮ ᠤᠨ ᠴᠠᠰᠤ ᠠᠷᠢᠯᠭᠠᠬᠤ᠃
      S 211 ᠱᠤᠭᠤᠮ ᠤᠨ ᠲᠠᠪᠠᠭ ᠡᠷᠭᠢᠬᠦ ᠭᠠᠵᠠᠷ ᠲᠤ ᠴᠠᠰᠤ ᠬᠠᠶᠢᠯᠠᠭᠤᠯᠬᠤ ᠡᠳ᠋ ᠰᠠᠴᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号