ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠰᠢᠤᠸᠠᠢ ᠰᠥᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/3/10
     
      3 ᠰᠠᠷ᠎ᠠ ᠶᠢᠨ 8 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ᠂ ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠬᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ᠂ ᠤᠯᠤᠰ ᠲᠥᠷᠥ ᠬᠠᠤᠯᠢ ᠴᠠᠭᠠᠵᠠ᠂ ᠨᠢᠭᠡᠳᠦᠮᠡᠯ ᠹᠷᠣᠨᠲ᠂ ᠤᠬᠠᠭᠤᠯᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠷᠠᠯ ᠡᠷᠭᠢᠯᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠪᠦᠭᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ᠂ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠬᠠᠷᠠᠯᠲᠠ ᠳᠤ ᠰᠠᠭᠤᠷᠢᠯᠠᠨ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ  ᠵᠢᠰᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠠᠵᠢᠯ ᠢ ᠨᠠᠷᠢᠨ ᠪᠣᠳᠠᠲᠠᠢ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠶᠢᠲᠤᠷ ᠠᠳᠬᠤᠵᠤ᠂ ᠮᠠᠨ ᠤ ᠬᠤᠰᠢᠭᠤᠨ ᠤ ᠨᠠᠮ ᠤᠨ ᠲᠡᠤᠬᠡ ᠶᠢᠨ ᠡᠬᠢ ᠪᠠᠶᠠᠯᠢᠭ ᠢ ᠭᠦᠶ᠋ᠴᠡᠳ ᠠᠭᠤᠳᠠᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠶ ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠶ᠋ᠯᠡᠳᠦᠯᠭᠡᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨᠴᠢ ᠪᠥᠭᠡᠳ ᠶᠠᠪᠤᠭᠳᠠᠭᠤᠰᠢᠲᠠᠶ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠨ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤ ᠰᠢᠶᠠᠩ ᠤᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠲᠣᠭᠲᠠᠴᠠ ᠪᠠᠶᠢᠭᠤᠯᠬᠤ᠂ ᠴᠢᠳᠠᠪᠤᠷᠢᠲᠠᠨ ᠢ ᠴᠤᠭᠯᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠢᠷᠢ ᠲᠦᠪᠰᠢᠨ ᠢᠶᠠᠷ ᠨᠠᠩ ᠥᠨᠳᠥᠷ ᠠᠮᠤᠷ ᠠᠮᠤᠭᠤᠯᠠᠩ  ᠲᠠᠷᠬᠠᠨ ᠮᠤᠤᠮᠢᠩᠭᠠᠨ  ᠂ ᠬᠠᠤᠯᠢ ᠪᠠᠷ ᠵᠠᠰᠠᠬᠤ ᠲᠠᠷᠬᠠᠨ ᠮᠤᠤᠮᠢᠩᠭᠠᠨ ᠢ  ᠪᠥᠲᠥᠭᠡᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃ ᠨᠢᠭᠡᠳᠦᠮᠡᠯ ᠹᠷᠣᠨᠲ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠠᠵᠢᠯ ᠢᠶᠠᠷ ᠭᠤᠣᠯᠳᠠᠯᠭ᠎ᠠ ᠪᠣᠯᠭᠠᠨ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠦᠯᠵᠢᠶᠡᠨ ᠤ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠯᠴᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠠᠶᠢᠴᠠᠭᠠᠯᠲᠠ᠂ ᠦᠢᠯᠡᠴᠢᠯᠡᠭᠡ ᠪᠠ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠬᠦ ᠬᠡᠷᠡᠭᠲᠡᠶ᠃ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠣᠨᠴᠠᠭᠠᠶᠢᠯᠠᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠥᠲᠥᠭᠡᠨ ᠪᠠᠶᠢᠭᠤᠯᠬᠤ︾ ︽ᠭᠤᠷᠪᠠᠨ ᠮᠢᠩᠭᠠᠨ ᠥᠨᠥᠴᠢᠨ ᠬᠡᠤᠬᠡᠳ ᠢ ᠥᠪᠥᠷ ᠮᠣᠩᠭᠤᠯ ᠳᠤ ᠣᠷᠣᠭᠤᠯᠬᠤ︾ ᠵᠡᠷᠭᠡ ᠮᠠᠨ ᠤ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠲᠤ ᠤᠬᠠᠭᠤᠯᠭ᠎ᠠ ᠬᠥᠮᠦᠵᠢᠯ ᠬᠢᠬᠦ ᠬᠡᠷᠡᠭᠲᠡᠶ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠡᠷᠡᠭᠵᠢᠭᠦᠯᠬᠦ ᠠᠷᠭ᠎ᠠ ᠶᠢ ᠬᠡᠷᠡᠭᠵᠢᠭᠦᠯᠦᠨ᠎ᠡ᠃      ᠬᠤᠷᠠᠯ ᠠᠴᠠ 2021 ᠣᠨ ᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠵᠢᠴᠢ ᠪᠥᠬᠦ ᠬᠤᠰᠢᠭᠤᠨ ᠤ ᠬᠠᠮᠢᠶ᠎ᠠ ᠪᠥᠬᠦᠶ ᠠᠵᠢᠯ ᠤᠨ ᠭᠤᠤᠯᠳᠠᠯᠭ᠎ᠠ᠂ ︽ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠡᠷᠡᠭᠵᠢᠭᠦᠯᠬᠦ ᠲᠥᠰᠦᠯ︾ ︽ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠬᠤᠰᠢᠭᠤᠨ ᠤ ᠬᠤᠯᠪᠣᠭᠠᠲᠤ ᠬᠤᠷᠢᠶ᠎ᠠ ᠶᠢᠨ ᠮᠡᠳᠡᠭᠳᠡᠯ︾ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号