ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠴᠢ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ —  ᠮᠦᠩᠬᠡᠳᠡᠯᠭᠡᠷ
ᠨᠡᠶᠢᠲᠡᠯᠡᠭᠰᠡᠨ ᠴᠠᠭ᠄
2021/3/12
     ᠮᠦᠩᠬᠡᠳᠡᠯᠭᠡᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠩ ᠡᠷᠬᠢᠯᠡᠬᠦ ᠵᠦᠪᠯᠡᠯ ᠳᠤ ᠠᠵᠢᠯᠯᠠᠵᠦ ᠪᠠᠶᠢᠬᠤ ᠬᠤᠭᠤᠴᠠᠭᠠᠨ ᠳᠤ ᠪᠠᠨ ᠨᠢᠭᠡᠨ ᠴᠦᠬᠡᠨ ᠲᠤᠭᠠᠳᠦ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ᠂ ᠨᠡᠶᠢᠭᠡᠮ ᠤᠨ ᠲᠤᠭᠳᠠᠭᠤᠨ ᠢ ᠪᠠᠳᠦᠯᠠᠬᠤ ᠠᠵᠢᠯ ᠲᠡᠭᠡᠷ᠎ᠡ ᠬᠦᠴᠦᠨ ᠴᠢᠳᠠᠯ ᠢᠶᠠᠨ ᠡᠷᠭᠦᠪᠡ᠃ ᠲᠡᠷᠡ ᠨᠠᠮ ᠪᠠ ᠤᠯᠤᠰ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠬᠡᠷᠡᠭᠵᠢᠭᠦᠯᠵᠦ᠂ ᠡᠯ᠎ᠡ ᠦᠨᠳᠦᠰᠦᠳᠡᠨ ᠨᠢᠭᠡ ᠭᠡᠷ ᠪᠦᠯᠢ ᠭᠡᠬᠦ ᠦᠵᠡᠯ ᠰᠠᠨᠠᠭ᠎ᠠ ᠶᠢ ᠪᠠᠷᠢᠮᠳᠠᠯᠠᠨ᠂ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠦ᠂ ᠬᠢᠯᠢ ᠬᠢᠵᠠᠭᠠᠷ ᠤᠷᠤᠨ ᠤ ᠠᠮᠤᠷ ᠲᠤᠭᠳᠠᠭᠤᠨ ᠪᠠ ᠪᠦᠯᠬᠦᠮᠳᠡᠨ ᠲᠠᠪᠰᠢᠬᠤ ᠳᠤ ᠴᠢᠷᠮᠠᠶᠢᠨ ᠠᠵᠢᠯᠯᠠᠭᠰᠠᠭᠠᠷ ᠢᠷᠡᠵᠠᠢ᠃
     ᠨᠢᠭᠡᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠭᠰᠠᠨ ᠤ ᠬᠤᠪᠢ ᠳᠤ ᠮᠦᠩᠬᠡᠳᠡᠯᠭᠡᠷ ᠲᠦᠷᠦ  ᠳᠤ ᠤᠷᠤᠯᠴᠠᠵᠦ ᠲᠦᠷᠦ ᠶᠢᠨ ᠶᠠᠪᠦᠳᠠᠯ ᠢ ᠵᠦᠪᠯᠡᠬᠦ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠦᠨ᠂ ᠦᠨᠳᠦᠰᠦᠳᠡᠨ  ᠤ ᠠᠵᠢᠯ ᠳᠤ  ᠠᠴᠢ ᠲᠤᠰᠠ ᠲᠠᠢ ᠰᠠᠨᠠᠯ ᠰᠠᠨᠠᠭᠤᠯᠭ᠎ᠠ ᠪᠠᠨ ᠤᠯᠠᠨᠳᠠ ᠲᠤᠷᠠᠳᠴᠦ᠂ ᠰᠤᠮᠤ ᠰᠢᠶᠠᠩ ᠳᠤ ᠬᠦᠨᠵᠡᠭᠡᠶᠢᠷᠡᠨ ᠪᠠᠶᠢᠳᠠᠯ ᠢ ᠤᠶᠢᠯᠠᠭᠠᠵᠦ᠂ ᠦᠨᠳᠦᠰᠦᠳᠡᠨ ᠤ ᠰᠤᠶᠤᠯ ᠤᠨ ᠬᠠᠮᠠᠭᠠᠯᠠᠯᠳᠠ ᠪᠠ ᠦᠪᠯᠡᠨ ᠵᠠᠯᠭᠠᠮᠵᠢᠯᠠᠬᠤ ᠲᠠᠯ᠎ᠠ ᠪᠠᠷ ᠲᠤᠷᠠᠳᠦᠯᠭ᠎ᠠ ᠪᠠᠨ ᠲᠡᠪᠰᠢᠭᠦᠯᠵᠦ ᠪᠠᠶᠢᠪᠠ᠃2019 ᠤᠨ ᠳᠤ ᠨᠢᠭᠡᠨ ᠲᠤᠰᠬᠤᠨ ᠳᠤ ᠰᠠᠭᠤᠭ᠎ᠠ  ᠺᠠᠳ᠋ᠷ ᠪᠤᠯᠤᠭᠰᠠᠨ ᠤ ᠬᠤᠪᠢ ᠳᠤ᠂ ᠪᠠᠭ᠎ᠠ ᠤᠩᠭᠤᠨ ᠰᠢᠶᠠᠩ ᠤᠨ ᠰᠠᠶᠢᠷ ᠤᠨ ᠬᠤᠳᠳᠤᠭ ᠲᠤᠰᠬᠤᠨ  ᠤ48 ᠠᠶᠢᠯ ᠤᠨ ᠤᠤᠭᠤᠬᠤ ᠤᠰᠤᠨ ᠤ ᠠᠮᠦᠷ ᠲᠦᠪᠰᠢᠨ ᠢ  ᠰᠢᠢᠳᠪᠦᠷᠢᠯᠡᠵᠦ᠂ ᠡᠷᠦᠬᠡ ᠪᠤᠯᠭᠠᠨ ᠳᠤ ᠬᠦᠷᠴᠦ ᠲᠡᠳᠡᠨ ᠲᠠᠢ ᠰᠡᠳᠬᠢᠯ ᠤᠨ ᠦᠭᠡ ᠪᠠᠨ ᠶᠠᠷᠢᠯᠴᠠᠨ ᠬᠦᠴᠢᠷᠳᠡᠯ ᠲᠠᠢ ᠵᠦᠢᠯ ᠢ ᠨᠢ ᠠᠰᠠᠭᠤᠵᠦ ᠰᠤᠷᠳᠠᠭ ᠪᠠᠶᠢᠨ᠎ᠠ᠃
     2015 ᠤᠨ ᠳᠤ ᠮᠦᠩᠬᠡᠳᠡᠯᠭᠡᠷ ᠲᠤᠮᠳᠠᠳᠦ ᠶᠢᠨ ᠦᠨᠳᠦᠰᠦᠳᠡᠨ ᠤ ᠰᠢᠯᠢᠳᠡᠭ ᠰᠤᠶᠤᠯ ᠢ ᠤᠯᠠᠮᠵᠢᠯᠠᠬᠤ  ᠶᠢᠨ ᠲᠦᠯᠦᠭᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠮᠤᠩᠭᠤᠯ ᠤᠷᠠᠨ ᠪᠢᠴᠢᠯᠭᠡ ᠶᠢᠨ ᠪᠤᠯᠪᠠᠰᠤᠷᠠᠯ ᠢ ᠡᠷᠬᠢᠯᠡᠨ᠂2017 ᠤᠨ ᠳᠤ ᠬᠠᠭᠠᠰ ᠵᠢᠯ ᠤᠨ ᠠᠵᠯ ᠤᠨ ᠴᠢᠯᠦᠭᠡ ᠪᠠᠨ ᠵᠠᠷᠤᠴᠠᠭᠤᠯᠤᠨ᠂166 ᠬᠠᠭᠤᠳᠠᠰᠦ ᠶᠢᠨ27000 ᠦᠰᠦᠭ ᠲᠠᠢ ᠮᠤᠩᠭᠤᠯ ᠤᠷᠠᠨ ᠪᠢᠴᠢᠯᠭᠡ ᠶᠢᠨ ᠲᠡᠪᠳᠡᠷ ᠢ ᠪᠢᠴᠢᠵᠦ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠤᠨ ᠤᠢ ᠳᠤ ᠡᠷᠭᠦᠭᠰᠡᠨ ᠪᠠᠶᠢᠨ᠎ᠠ᠃ ᠮᠦᠩᠬᠡᠳᠡᠯᠭᠡᠷ ᠪᠠᠰᠠ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ   ᠢ ᠪᠠᠳᠤᠳᠬᠠᠵᠦ᠂ ᠤᠯᠤᠰ ᠤᠨ ᠨᠢᠭᠡᠳᠦᠯᠲᠠᠢ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠢ ᠪᠠᠳᠦᠲᠠᠢ ᠠᠬᠢᠭᠤᠯᠬᠤ ᠶᠢᠨ ᠲᠦᠯᠦᠭᠡ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠵᠠᠰᠠᠭ ᠤᠨ ᠺᠠᠳ᠋ᠷ ᠠᠵᠢᠯᠳᠠᠨ ᠮᠠᠯᠴᠢᠨ ᠲᠠᠷᠢᠶᠠᠴᠢᠨ ᠤᠯᠠᠨ ᠲᠦᠮᠡᠨ ᠤ ᠨᠦᠬᠦᠷᠯᠡᠬᠦ ᠰᠠᠨᠠᠯ︾ ᠤᠨ ᠱᠠᠭᠠᠷᠳᠠᠯᠭ᠎ᠠ ᠶᠤᠰᠤᠭᠠᠷ ᠰᠠᠶᠢᠨ ᠲᠤᠷ᠎ᠠ ᠠᠴᠠ ᠪᠠᠨ110 ᠤᠷᠠᠨ ᠪᠢᠴᠢᠯᠭᠡ ᠪᠢᠴᠢᠵᠦ᠂ ᠡᠷᠦᠬᠡ ᠪᠤᠯᠭᠠᠨ ᠳᠤ ᠬᠦᠷᠭᠡᠨ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠤᠳᠬᠠᠬᠤ ᠶᠢ ᠤᠬᠠᠭᠤᠯᠵᠠᠢ᠃
     ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠵᠦ᠂ ᠴᠦᠬᠡᠨ ᠲᠤᠭᠠᠳᠦ ᠦᠨᠳᠦᠰᠦᠳᠡᠨ ᠤ ᠶᠠᠳᠠᠭᠤ ᠬᠦᠴᠢᠷᠳᠡᠯᠳᠠᠢ ᠡᠷᠦᠬᠡ ᠶᠢᠨ ᠠᠵᠢᠯ  ᠤᠯᠭᠤᠯᠳᠠ ᠶᠢ ᠠᠬᠢᠭᠤᠯᠬᠤ ᠶᠢᠨ ᠲᠦᠯᠦᠭᠡ ᠮᠦᠩᠬᠡᠳᠡᠯᠭᠡᠷ ᠲᠠᠷᠬᠠᠨ ᠮᠤᠤᠮᠢᠩᠭᠠᠨ ᠤ ᠲᠠᠪᠤᠨ ᠲᠦᠷᠦᠯ ᠤᠨ ᠦᠨᠳᠦᠰᠦᠳᠡᠨ ᠤ ᠭᠠᠷ ᠤᠷᠠᠯᠠᠯ ᠤᠨ ᠪᠤᠯᠪᠠᠰᠤᠷᠠᠯ ᠤᠨ ᠠᠩᠭᠢ ᠶᠢ ᠡᠷᠬᠢᠯᠡᠨ ᠶᠠᠪᠤᠭᠳᠠᠭᠤᠯᠵᠦ  ᠂ ᠨᠢᠭᠡ ᠬᠡᠰᠡᠭ ᠶᠠᠳᠠᠭᠤ ᠬᠦᠴᠢᠷᠳᠡᠯᠳᠠᠢ ᠡᠷᠦᠬᠡ᠂ ᠬᠤᠳᠠ ᠤᠷᠤᠭᠰᠠᠨ ᠮᠠᠯᠴᠢᠨ ᠲᠦᠮᠡᠨ ᠤ ᠭᠠᠷ ᠤᠷᠠᠯᠠᠯ ᠢᠶᠠᠷ ᠤᠷᠤᠯᠭ᠎ᠠ   ᠪᠠᠨ ᠨᠡᠮᠡᠭᠳᠡᠭᠦᠯᠬᠦ ᠶᠢ ᠠᠬᠢᠭᠤᠯᠵᠠᠢ᠃      ᠮᠦᠩᠬᠡᠳᠡᠯᠭᠡᠷ ᠨᠢᠭᠡᠨ ᠦᠨᠳᠦᠰᠦᠳᠡᠨ ᠤ ᠠᠵᠢᠯᠳᠠᠨ ᠪᠤᠯᠤᠭᠰᠠᠨ ᠤ ᠬᠤᠪᠢ ᠳᠤ ᠦᠪᠡᠷ ᠤᠨ ᠠᠵᠢᠯ ᠲᠡᠭᠡᠷ᠎ᠡ  ᠪᠠᠨ ᠭᠠᠪᠰᠢᠭᠠᠶᠢᠯᠠᠨ ᠠᠵᠢᠯᠯᠠᠵᠦ ᠤᠯᠠᠨ ᠳᠠᠭᠠᠨ ᠲᠠᠭᠤᠷᠢᠶᠠᠯ ᠪᠤᠯᠤᠨ᠂ ᠨᠢᠭᠡᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠨ ᠤᠯᠠᠨ ᠲᠦᠮᠡᠨ ᠳᠤ ᠠᠰᠢᠭ ᠲᠤᠰᠠ ᠲᠠᠢ ᠲᠤᠷᠠᠳᠦᠯᠭ᠎ᠠ ᠪᠠᠨ  ᠲᠡᠪᠰᠢᠭᠦᠯᠦᠨ ᠪᠡᠶᠡᠯᠡᠭᠦᠯᠬᠦ ᠪᠠᠷ ᠴᠢᠷᠮᠠᠶᠢᠵᠦ2019 ᠤᠨ ᠤ7 ᠰᠠᠷ᠎ᠠ ᠳᠤ ᠮᠦᠩᠭᠡᠳᠡᠯᠭᠡᠷ ᠬᠤᠰᠢᠭᠤᠨ ᠤ ᠨᠢᠭᠡᠳᠦᠮᠡᠯ ᠹᠷᠤᠨᠲ ᠶᠢᠨ ᠬᠡᠯᠳᠦᠰ ᠲᠤ ᠲᠤᠮᠢᠯᠠᠭᠳᠠᠨ ᠠᠵᠢᠯᠯᠠᠵᠦ᠂ ᠪᠤᠳᠠᠳᠦ ᠦᠢᠯᠡ ᠠᠵᠯᠯᠠᠭ᠎ᠠ ᠪᠠᠷ ᠢᠶᠠᠨ ᠡᠯ᠎ᠡ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠠᠵᠦ ᠠᠬᠤᠢ ᠨᠡᠶᠢᠭᠡᠮ ᠤᠨ ᠲᠤᠭᠳᠠᠭᠤᠨ ᠬᠦᠭᠵᠢᠯᠳᠡ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠨ ᠠᠵᠯᠯᠠᠭᠰᠠᠭᠠᠷ ᠪᠤᠢ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号