ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ
ᠨᠡᠶᠢᠲᠡᠯᠡᠭᠰᠡᠨ ᠴᠠᠭ᠄
2021/3/12
     3 ᠰᠠᠷ᠎ᠠ ᠶᠢᠨ 9 ᠤ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠦᠨᠡᠨᠬᠦ ᠰᠠᠶᠢᠲᠤᠷ ᠠᠳᠬᠤᠵᠤ᠂ ᠪᠥᠬᠦ ᠬᠤᠰᠢᠭᠤᠨ ᠤ 2021 ᠣᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠢ ᠪᠠᠶᠢᠷᠢᠯᠠᠭᠤᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃      ᠬᠤᠷᠠᠯ ᠠᠴᠠ ᠪᠥᠬᠦ ᠬᠤᠰᠢᠭᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ 2021 ᠣᠨ ᠤ ᠠᠵᠢᠯ ᠤᠨ ᠭᠤᠤᠯᠳᠠᠯᠭ᠎ᠠ ᠵᠢᠴᠢ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠲᠤᠰᠬᠠᠶ ᠠᠵᠢᠯ ᠤᠨ ᠬᠡᠷᠡᠭᠵᠢᠭᠦᠯᠬᠦ ᠲᠥᠰᠦᠯ ᠢ ᠪᠢᠴᠢᠭ ᠢᠶᠠᠷ ᠳᠠᠷᠤᠮᠠᠯᠯᠠᠨ ᠲᠠᠷᠬᠠᠭᠠᠪᠠ᠃
      ᠬᠤᠷᠠᠯ ᠠᠴᠠ ᠵᠢᠭᠠᠵᠤ ᠭᠠᠷᠭᠠᠭᠰᠠᠨ ᠨᠢ      ᠰᠢᠨ᠎ᠡ ᠨᠢᠭᠡ ᠵᠢᠯ ᠳᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠡᠨᠡᠬᠦ ᠴᠠᠭ ᠦᠶ᠎ᠡ ᠶᠢᠨ ᠪᠠᠶᠢᠷᠢᠰᠢᠯ ᠳᠡᠭᠡᠷ᠎ᠡ ᠵᠣᠭᠰᠣᠵᠤ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠤᠯᠭᠠᠷᠠᠵᠤ ᠪᠠᠶᠢᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠦᠨᠳᠦᠰᠦᠨ ᠵᠠᠷᠴᠢᠮ ᠢ ᠣᠨᠣᠪᠴᠢᠲᠠᠢ ᠡᠵᠡᠮᠳᠡᠵᠦ᠂ ᠡᠨᠡ ᠵᠢᠯ ᠤᠨ ᠠᠵᠢᠯ ᠳᠤ ᠰᠠᠭᠤᠷᠢᠯᠠᠵᠤ᠂ ᠡᠯ᠎ᠡ ᠵᠦᠢᠯ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠣᠳᠠᠲᠠᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠴᠢᠬᠤᠯᠠᠴᠢᠯᠠᠭᠰᠠᠨ ᠨᠢ      ᠰᠤᠷᠤᠯᠴᠠᠬᠤ ᠤᠬᠠᠮᠰᠠᠷᠲᠤ ᠴᠢᠨᠠᠷ ᠢᠳᠡᠪᠬᠢ ᠴᠢᠨᠠᠷ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠭᠦᠨᠵᠡᠭᠡᠢ ᠰᠤᠷᠤᠯᠴᠠᠵᠤ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠠᠵᠢᠯ ᠤᠨ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠤᠯᠠᠨ ᠲᠠᠯ᠎ᠠ ᠪᠠᠷ ᠬᠦᠴᠦᠯᠡᠵᠦ᠂ ᠮᠠᠨ ᠤ ᠬᠤᠰᠢᠭᠤᠨ ᠤ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠡᠭᠦᠷᠭᠡ ᠶᠢ ᠰᠠᠶᠢᠲᠤᠷ ᠭᠦᠢᠴᠡᠳᠬᠡᠬᠦ ᠬᠡᠷᠡᠭᠲᠡᠢ︔ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ︔ ᠨᠢᠭᠡᠳᠦᠮᠡᠯ ᠹᠷᠣᠨᠲ ᠤᠨ ᠡᠷᠳᠡᠨᠢ ᠶᠢᠨ ᠦᠢᠯᠡᠳᠦᠯ ᠢ ᠭᠦᠨᠵᠡᠭᠡᠶ ᠡᠵᠡᠮᠰᠢᠵᠦ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠨ ᠠᠳᠬᠤᠵᠤ᠂ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠤᠷᠳᠤ ᠬᠤᠭᠤᠴᠠᠭ᠎ᠠ ᠪᠠᠷ ᠴᠢᠩᠭ᠎ᠠ ᠠᠳᠬᠤᠬᠤ ᠬᠡᠷᠡᠭᠲᠡᠢ᠃      ᠪᠥᠬᠦ ᠬᠤᠰᠢᠭᠤᠨ ᠤ ᠳᠡᠳ᠋ ᠰᠠᠯᠠᠭᠠᠨ ᠤ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤ ᠠᠯᠤᠰ ᠠᠴᠠ ᠬᠠᠷᠠᠭᠠᠨ ᠳᠠᠪᠲᠠᠮᠵᠢ ᠪᠠᠷ ᠬᠤᠷᠠᠯ ᠳᠤ ᠣᠷᠣᠯᠴᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号