ᠯᠢᠦ ᠬᠠᠶ ᠴᠢᠤᠸᠠᠨ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠮᠠᠨ ᠤ ᠬᠤᠰᠢᠭᠤᠨ ᠤ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/3/12
      3 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠠᠵᠢᠯ ᠢ ᠥᠷᠨᠢᠭᠦᠯᠬᠦ ᠨᠢ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠶᠢᠨ ᠬᠠᠲᠠᠭᠤ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠪᠣᠳᠠᠲᠠᠢ ᠠᠵᠢᠯᠯᠠᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠳᠦ ᠬᠡᠮᠵᠢᠶᠡᠨ ᠠᠴᠠ ᠰᠢ ᠶᠢᠨ ᠫᠢᠩ  ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠠᠵᠢᠯ ᠢ ᠡᠷᠡᠰ ᠪᠠᠲᠤ ᠪᠥᠭᠡᠳ ᠬᠦᠴᠦᠲᠡᠢ ᠪᠥᠭᠡᠳ ᠪᠦᠲᠦᠮᠵᠢᠲᠡᠢ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠬᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠬᠡᠢ ᠰᠠᠶᠢᠲᠤᠷ ᠵᠠᠮᠨᠠᠬᠤ ᠬᠡᠷᠡᠭᠲᠡᠢ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠪᠣᠯᠤᠨ ᠡᠨᠧᠷᠭᠢ ᠶᠢᠨ ᠬᠤᠷᠣᠭᠳᠠᠯ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠠᠷᠭ᠎ᠠ ᠬᠡᠮᠵᠢ᠊ ᠡᠶ᠎ᠡ ᠪᠠᠨ ᠲᠣᠳᠣᠷᠬᠠᠶᠢᠯᠠᠵᠤ᠂ ᠠᠵᠢᠯ ᠲᠦᠷᠦᠯ ᠬᠦᠷᠢ᠊ ᠡᠶ᠎ᠡ ᠬᠤᠪᠢᠶᠠᠨ ᠠᠵᠢᠯᠯᠠᠭ᠎ᠠ ᠶᠢᠨ ᠲᠥᠰᠦᠯ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠡᠷᠡᠰ ᠭᠤᠶᠢᠪᠢᠰᠢ ᠦᠭᠡᠢ ᠪᠠᠷ ᠵᠠᠭᠠᠵᠠᠯᠠᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠤᠨ ᠠᠵᠢᠯ ᠲᠦᠷᠦᠯ ᠤᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠶ ᠲᠦᠯᠬᠢᠨ ᠠᠬᠢᠭᠤᠯᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠬᠤᠷᠣᠭᠳᠠᠯ ᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃
     ᠬᠤᠷᠠᠯ ᠠᠴᠠ  ᠨᠡᠭᠦᠷᠡᠰᠦᠲᠥ᠋ᠷᠥᠭᠴᠢ  ᠭᠠᠳᠠᠭᠰᠢᠯᠠᠭᠤᠯᠬᠤ ᠣᠷᠭᠢᠯ  ᠬᠡᠮᠵᠢᠭᠳᠡᠯ ᠠᠴᠠ ᠪᠠᠭᠤᠷᠠᠭᠤᠯᠬᠤ᠂  ᠨᠡᠭᠦᠷᠡᠰᠦᠲᠥ᠋ᠷᠥᠭᠴᠢ  ᠭᠠᠳᠠᠭᠰᠢᠯᠠᠭᠤᠯᠬᠤ ᠶᠢ  ᠵᠦᠭᠰᠢᠷᠡᠭᠦᠯᠦᠨ ᠨᠠᠮᠳᠠᠭᠠᠬᠤ ᠶᠢ ᠠᠬᠢᠭᠤᠯᠬᠤ ᠵᠢᠴᠢ ᠪᠦᠬᠦ ᠬᠤᠳᠠ ᠳᠤ ᠦᠢᠯᠡᠴᠢᠯᠡᠵᠦ ᠪᠦᠬᠦ ᠤᠯᠤᠰ ᠤᠨ ᠴᠢᠬᠤᠯᠠ ᠤᠳᠤ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠰᠠᠭᠤᠷᠢᠨ  ᠭᠠᠵᠠᠷ᠂ ᠪᠦᠬᠦ ᠤᠯᠤᠰ ᠤᠨ ᠴᠢᠬᠤᠯᠠ  ᠰᠢᠨ᠎ᠡ  ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠪᠦᠳᠦᠭᠡᠨ ᠪᠠᠶᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠰᠢᠭᠤᠨ ᠤ ᠤᠳᠤᠷᠢᠳᠤᠯᠭ᠎ᠠ ᠬᠥᠩ ᠰᠢ ᠯᠢᠶᠠᠩ᠂ ᠬᠡᠷᠡᠯ᠂ ᠮᠥᠩᠬᠡᠪᠠᠭᠠᠲᠤᠷ᠂ ᠬᠤᠸᠠᠩ ᠯᠦᠩ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号