ᠤᠨᠢᠨ ᠳᠡᠭᠡᠷ᠎ᠡ ᠨᠢ ᠦᠢᠯᠡᠴᠢᠯᠡᠵᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2021/3/15
      3 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠬᠤᠷᠠᠯ ᠤᠨ ᠵᠣᠷᠢᠭ ᠰᠠᠨᠠᠭ᠎ᠠ ᠪᠣᠯᠤᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠮᠠᠨ ᠤ ᠰᠤᠮᠤᠨ ᠤ ᠡᠳᠦᠷ ᠲᠤᠲᠤᠮ ᠤᠨ ᠠᠵᠢᠯ ᠤᠨ ᠳᠤᠮᠳᠠ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠤᠨ ᠬᠥᠭᠵᠢᠯᠲᠡ ᠳᠤ  ᠦᠢᠯᠡᠴᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠰᠤᠮᠤ ᠪᠤᠭᠤᠲᠤ ᠬᠤᠲᠠ ᠶᠢᠨ ᠵᠢᠶ ᠳ᠋ᠦᠩ  ᠱᠦᠢᠨᠢ ᠶᠢᠨ ᠬᠢᠵᠠᠭᠠᠷᠲᠤ ᠺᠣᠮᠫᠠᠨᠢ ᠬᠢᠭᠡᠳ ᠡᠷᠬᠢᠨ ᠲᠣᠭᠤᠷᠢᠨ ᠤ ᠮᠠᠯᠴᠢᠳ ᠤᠨ ᠬᠤᠭᠤᠷᠣᠨᠳᠣᠬᠢ ᠵᠢᠭᠤᠷᠠᠯᠳᠤᠭᠠᠨ ᠢ ᠢᠳᠡᠪᠬᠢᠲᠡᠶ ᠪᠠᠷ ᠵᠣᠬᠢᠴᠠᠭᠤᠯᠵᠤ ᠪᠠᠶᠢᠨ᠎ᠠ᠃
      ᠲᠣᠰ ᠤᠳᠠᠭᠠᠨ ᠤ ᠵᠢᠭᠤᠷᠠᠯᠳᠤᠭᠠᠨ ᠢ ᠡᠶᠡᠳᠡᠭᠦᠯᠬᠦ ᠬᠤᠷᠠᠯ ᠢ ᠰᠤᠮᠤ ᠶᠢᠨ ᠳ᠋ᠠ ᠴᠠᠩ ᠬᠤᠩ ᠨᠥᠬᠦᠷ ᠡᠷᠭᠢᠯᠡᠵᠡᠶ᠃ ᠵᠢᠭᠤᠷᠠᠯᠳᠤᠭᠠᠨ ᠢ ᠵᠣᠬᠢᠴᠠᠭᠤᠯᠬᠤ ᠬᠤᠷᠠᠯ ᠳᠡᠭᠡᠷ᠎ᠡ ᠠᠵᠤ ᠠᠬᠤᠶᠢᠯᠠᠯ ᠤᠨ ᠲᠥᠯᠥᠭᠡᠯᠡᠭᠴᠢᠳ ᠪᠣᠯᠤᠨ ᠡᠷᠭᠢᠨ ᠲᠣᠭᠤᠷᠢᠨ ᠤ ᠮᠠᠯᠴᠢᠳ ᠤᠨ ᠲᠥᠯᠥᠭᠡᠯᠡᠭᠴᠢᠳ ᠭᠤᠮᠣᠳᠠᠯ ᠱᠠᠭᠠᠷᠳᠠᠯᠭ᠎ᠠ ᠪᠣᠯᠤᠨ ᠵᠢᠭᠤᠷᠠᠯᠳᠤᠭᠠᠨ ᠢ  ᠰᠢᠢᠳᠪᠦᠷᠢᠯᠡᠬᠦ ᠠᠷᠭ᠎ᠠ ᠪᠠᠨ ᠲᠤᠰ ᠲᠤᠰ ᠢᠯᠡᠳᠬᠡᠵᠡᠶ᠃ ᠲᠣᠰ ᠤᠳᠠᠭᠠᠨ ᠤ ᠵᠣᠬᠢᠴᠠᠭᠤᠯᠬᠤ ᠬᠤᠷᠠᠯ ᠢᠶᠠᠷ ᠳᠡᠮᠵᠢᠨ ᠂ ᠲᠣᠰ ᠠᠵᠤ ᠠᠬᠤᠶᠢᠯᠠᠯ ᠬᠢᠭᠡᠳ ᠡᠷᠬᠢᠨ ᠲᠣᠭᠤᠷᠢᠨ ᠤ ᠮᠠᠯᠴᠢᠳ ᠤᠨ ᠬᠤᠭᠤᠷᠣᠨᠳᠣᠬᠢ ᠵᠢᠭᠤᠷᠠᠯᠳᠤᠭᠠᠨ ᠢ ᠤᠯᠠᠮ ᠨᠢᠭᠡ ᠠᠯᠬᠤᠮ ᠰᠢᠶ᠋ᠳᠪᠦᠷᠢᠯᠡᠬᠦ ᠬᠠᠨᠳᠤᠰᠢ ᠲᠠᠢ ᠪᠣᠯᠵᠣ᠂ ᠲᠠᠷᠠᠭᠠᠴᠢ ᠶᠢᠨ ᠠᠯᠬᠤᠮ ᠤᠨ ᠵᠥᠷᠢᠴᠡᠯ ᠢ  ᠰᠢᠢᠳᠪᠦᠷᠢᠯᠡᠬᠦ ᠳᠤ ᠴᠦ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
     ᠡᠴᠦᠰ ᠲᠤ᠂ ᠴᠠᠩ ᠬᠤᠩ ᠴᠢᠬᠤᠯᠠᠴᠢᠯᠠᠬᠤ ᠳᠠᠭᠠᠨ᠂ ᠵᠠᠰᠠᠭ ᠤᠨ ᠣᠷᠳᠣᠨ ᠵᠥᠪᠬᠡᠨ ᠬᠠᠮᠢᠶᠠᠷᠤᠯᠲᠠ ᠪᠠ ᠬᠢᠨᠠᠯᠲᠠ ᠬᠠᠮᠢᠶᠠᠷᠤᠯᠲᠠ ᠬᠢᠬᠦ ᠲᠡᠳᠦᠶ ᠪᠢᠰᠢ᠂  ᠦᠢᠯᠡᠴᠢᠯᠡᠭᠡ ᠪᠣᠯ ᠨᠠᠩ ᠴᠤ ᠮᠠᠨ ᠤ ᠵᠣᠷᠢᠯᠲᠠ ᠪᠠ ᠡᠭᠦᠷᠭᠡ ᠮᠥᠨ ᠃ ︽ᠰᠠᠨᠠᠭᠠᠴᠢᠯᠠᠭ᠎ᠠ ᠠᠴᠠ ᠪᠠᠨ ᠪᠤᠳᠤᠵᠤ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠬᠦ︾ ᠪᠠᠷ ᠮᠠᠨ ᠤ ᠵᠠᠰᠠᠭ ᠤᠨ ᠣᠷᠳᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠦᠢᠯᠡᠴᠢᠯᠡᠭᠡᠨ ᠤ ᠬᠠᠷᠠᠯᠲᠠ ᠪᠣᠯᠭᠠᠵᠤ᠂ ᠠᠵᠤ ᠠᠬᠤᠶᠢᠯᠠᠯ ᠪᠣᠯᠤᠨ ᠠᠷᠠᠳ ᠤᠯᠠᠨ ᠤ ᠬᠠᠨᠤᠮᠵᠢᠲᠠᠢ ᠪᠠᠶᠢᠬᠤ ᠪᠠᠷ ᠲᠤᠰᠤᠯᠳᠠ ᠪᠣᠯᠭᠠᠵᠤ᠂ ᠤᠯᠠᠨ ᠳᠤ ᠠᠯᠢ ᠴᠢᠳᠠᠬᠤ ᠪᠠᠷ ᠤᠯᠠᠨ ᠲᠠᠯ᠎ᠠ ᠶᠢᠨ ᠰᠠᠶᠢᠨ ᠦᠢᠯᠡᠴᠢᠯᠡᠭᠡ ᠶᠢ ᠴᠢᠷᠮᠠᠶᠢᠨ ᠬᠠᠩᠭᠠᠵᠤ᠂ ᠤᠯᠠᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ᠂ ᠳᠡᠮᠵᠢᠯᠭᠡ ᠪᠣᠯᠤᠨ ᠬᠠᠪᠰᠤᠷᠤᠯᠭ᠎ᠠ ᠶᠢ ᠬᠦᠷᠲᠡᠭᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号