ᠱᠢ ᠪᠦᠦ ᠪᠠᠯᠭᠠᠰᠤ ᠮᠠᠯ ᠤᠨᠤᠭ᠎ᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠶᠢᠭᠤᠯᠪᠠ — ᠲᠡᠵᠢᠭᠡᠨ ᠦᠷᠡᠵᠢᠭᠦᠯᠬᠦ ᠡᠷᠦᠬᠡ ᠶᠢᠨ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠲᠡᠷᠢᠭᠦᠨ ᠳᠤ ᠪᠠᠲᠤᠯᠠᠨ᠎ᠠ
ᠨᠡᠶᠢᠲᠡᠯᠡᠭᠰᠡᠨ ᠴᠠᠭ᠄
2021/3/16
     ᠣᠶᠢᠷ᠎ᠠ ᠶᠢᠨ ᠬᠤᠭᠤᠴᠠᠭᠠᠨ ᠳᠤ ᠮᠠᠯ ᠤᠨᠤᠭ᠎ᠠ ᠶᠢᠨ ᠬᠠᠯᠳᠠᠪᠤᠷᠢᠲᠤ ᠡᠪᠡᠳᠴᠢᠨ ᠤ ᠬᠡᠯᠪᠡᠷᠢ ᠨᠡᠯᠢᠶᠡᠳ ᠬᠦᠨᠳᠦ ᠮᠠᠨ ᠤ ᠪᠠᠯᠭᠠᠰᠤ ᠬᠠᠮᠤᠭ ᠤᠨ  ᠲᠡᠷᠢᠭᠦᠨ ᠳᠤ ᠬᠢᠵᠢᠭ ᠰᠡᠷᠭᠡᠶᠢᠯᠡᠭᠴᠢ ᠶᠢ ᠵᠣᠬᠢᠶᠠᠨ ᠪᠠᠶᠢᠭᠤᠯᠵᠤ᠂ ᠠᠮᠢᠲᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠪᠥᠭᠡᠳ 3 ᠰᠠᠷ᠎ᠠ ᠶᠢᠨ 5 ᠤ ᠡᠳᠦᠷ ᠠᠴᠠ ᠡᠬᠢᠯᠡᠨ ᠵᠠᠮ ᠳᠠᠭᠠᠤ ᠶᠢᠨ ᠠᠶᠢᠯ ᠲᠣᠰᠬᠤᠨ ᠵᠢᠴᠢ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠪᠥᠬᠦ ᠲᠠᠯ᠎ᠠ ᠪᠠᠷ ᠤᠰᠠᠳᠬᠠᠬᠤ ᠠᠵᠢᠯ ᠬᠢᠵᠦ᠂ ᠪᠥᠬᠦ ᠪᠠᠯᠭᠠᠰᠤᠨ ᠤ 15 ᠭᠠᠷᠤᠶ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ 26 ᠠᠶᠢᠯ ᠲᠣᠰᠬᠤᠨ ᠳᠤ ᠭᠦᠨᠵᠡᠭᠡᠶᠢᠷᠡᠵᠦ᠂ ᠬᠤᠶᠠᠷ ᠠᠷᠢᠭᠤᠳᠬᠠᠬᠤ ᠮᠠᠰᠢᠨ ᠢᠶᠠᠷ ᠤᠰᠠᠳᠬᠠᠵᠤ᠂ ᠨᠡᠶᠢᠲᠡ 23 ᠺᠢᠯᠣᠭ᠍ᠷᠠᠮ ᠠᠷᠢᠭᠤᠳᠬᠠᠬᠤ ᠨᠤᠨᠲᠠᠭ ᠬᠡᠷᠡᠭᠯᠡᠪᠡ︔ ᠲᠡᠵᠢᠭᠡᠨ ᠦᠷᠡᠵᠢᠭᠦᠯᠬᠦ ᠡᠷᠦᠬᠡ ᠶᠢᠨ ᠨᠡᠯᠢᠶᠡᠳ ᠠᠷᠪᠢᠨ ᠠᠵᠢᠯ ᠤᠨ ᠬᠡᠮᠵᠢᠶ᠎ᠡ ᠨᠡᠯᠢᠶᠡᠳ ᠶᠡᠭᠡ ᠪᠠᠶᠢᠬᠤ ᠶᠢ ᠦᠨᠳᠦᠰᠦᠯᠡᠨ᠂ ᠬᠥᠮᠦᠨ ᠤ ᠬᠦᠴᠦ ᠪᠠᠷ ᠠᠷᠢᠭᠤᠳᠬᠠᠬᠤ ᠶᠢᠨ ᠬᠠᠮᠲᠤ ᠠᠷᠪᠠᠨ ᠵᠠᠰᠠᠭ ᠵᠠᠬᠢᠷᠭᠠᠨ ᠤ ᠭᠠᠴᠠᠭᠠᠨ ᠳᠤ 30 ᠺᠢᠯᠣᠭ᠍ᠷᠠᠮ ᠠᠷᠢᠭᠤᠳᠬᠠᠬᠤ ᠨᠤᠨᠲᠠᠭ ᠲᠦᠭᠡᠭᠡᠵᠦ᠂ ᠲᠤᠰ ᠤᠳᠠᠭᠠᠨ ᠤ ᠠᠯᠠᠬᠤ ᠪᠠᠷ ᠳᠠᠮᠵᠢᠭᠤᠯᠤᠨ ᠮᠠᠯ ᠤᠨ ᠰᠢᠯᠦᠬᠡᠶ ᠡᠪᠡᠳᠴᠢᠨ᠂ ᠪᠷᠦ᠋ᠼᠧᠯ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠳᠤ ᠮᠠᠰᠢ ᠰᠠᠶᠢᠨ ᠰᠡᠷᠭᠡᠶᠢᠯᠡᠬᠦ ᠦᠢᠯᠡᠳᠦᠯ ᠦᠵᠡᠭᠦᠯᠪᠡ᠃
     ᠠᠮᠢᠲᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠳᠤ ᠤᠷᠢᠳᠴᠢᠯᠠᠨ ᠰᠡᠷᠭᠡᠶᠢᠯᠡᠬᠦ ᠠᠵᠢᠯ ᠢ ᠢᠳᠡᠪᠬᠢᠲᠡᠶ ᠰᠠᠶᠢᠲᠤᠷ ᠬᠢᠬᠦ ᠶᠢ ᠮᠡᠳᠡᠭᠳᠡᠬᠦ ᠬᠡᠷᠡᠭᠲᠡᠶ︔ ᠵᠢᠱᠢᠶᠡᠯᠡᠪᠡᠯ ᠬᠢᠵᠢᠭ ᠤᠨ ᠪᠠᠶᠢᠳᠠᠯ ᠢ ᠣᠯᠵᠤ ᠮᠡᠳᠡᠮᠡᠭᠴᠡ ᠡᠪᠡᠳᠴᠢᠨ ᠲᠠᠢ ᠮᠠᠯ ᠢ ᠦᠳᠲᠡᠷ ᠲᠦᠷᠭᠡᠨ ᠲᠤᠰᠠᠭᠠᠷᠯᠠᠬᠤ ᠶᠢᠨ ᠬᠠᠮᠲᠤ ᠡᠪᠡᠳᠴᠢᠨ ᠲᠠᠢ ᠮᠠᠯ᠂ ᠦᠬᠦᠭᠰᠡᠨ ᠮᠠᠯ ᠢ ᠬᠢᠨᠠᠨ ᠬᠠᠮᠢᠶᠠᠷᠬᠤ ᠪᠠ ᠬᠤᠣᠷ ᠦᠭᠡᠶᠢᠵᠢᠬᠦᠯᠦᠨ ᠰᠢᠶ᠋ᠳᠪᠦᠷᠢᠯᠡᠵᠦ᠂ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠵᠦ᠂ ᠪᠣᠬᠢᠷᠲᠤᠭᠰᠠᠨ ᠭᠠᠵᠠᠷ ᠪᠠ ᠡᠳ᠋ ᠪᠣᠳᠠᠰ ᠢ ᠲᠦᠷᠭᠡᠨ ᠠᠷᠢᠭᠤᠳᠬᠠᠨ᠎ᠠ᠃ ᠬᠡᠷᠪᠡ ᠬᠤᠣᠷ ᠬᠦᠨᠦᠭᠡᠯᠳᠦ ᠴᠢᠨᠠᠷ ᠢᠶᠠᠷ ᠶᠡᠭᠡ ᠬᠢᠵᠢᠭ ᠡᠪᠡᠳᠴᠢᠨ᠂ ᠵᠢᠱᠢᠶᠡᠯᠡᠪᠡᠯ ᠰᠢᠯᠦᠬᠡᠶ ᠡᠪᠡᠳᠴᠢᠨ᠂ ᠪᠣᠭᠤᠮ᠎ᠠ ᠡᠪᠡᠳᠴᠢᠨ ᠡᠭᠦᠰᠪᠡᠯ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠢᠲᠡᠭᠦᠮᠵᠢᠯᠡᠬᠦ ᠵᠡᠷᠭᠡ ᠬᠤᠣᠷ ᠦᠭᠡᠶᠢᠵᠢᠬᠦᠯᠦᠨ ᠰᠢᠶ᠋ᠳᠪᠦᠷᠢᠯᠡᠬᠦ ᠠᠷᠭ᠎ᠠ ᠶᠢ ᠠᠪᠬᠤ ᠬᠡᠷᠡᠭᠲᠡᠶ᠃ 3 ᠰᠠᠷ᠎ᠠ ᠶᠢᠨ 11 ᠤ ᠡᠳᠦᠷ ᠠᠴᠠ ᠡᠬᠢᠯᠡᠨ ᠮᠠᠨ ᠤ ᠪᠠᠯᠭᠠᠰᠤ ᠬᠠᠷᠢᠶᠠᠲᠤ ᠣᠷᠣᠨ ᠤ ᠦᠬᠡᠷ ᠬᠤᠨᠢ ᠭᠠᠭ᠋ᠠᠶ ᠳᠤ ᠸᠠᠺᠼᠢᠨ ᠤ ᠲᠠᠷᠢᠯᠭ᠎ᠠ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠᠷ ᠲᠥᠯᠥᠪᠯᠡᠵᠦ ᠪᠣᠶ᠃      ᠥᠷᠭᠡᠨ ᠤᠯᠠᠨ ᠲᠣᠰᠬᠤᠨ ᠤ ᠠᠷᠠᠳ ᠤᠨ ᠪᠠᠯᠭᠠᠰᠤᠨ ᠤ ᠠᠵᠢᠯᠲᠠᠳ ᠲᠤ ᠮᠠᠯ ᠤᠨᠤᠭ᠎ᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠥᠪᠡᠷ ᠢ ᠪᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠲᠡᠵᠢᠭᠡᠨ ᠦᠷᠡᠵᠢᠭᠦᠯᠵᠦ᠂ ᠮᠠᠯ ᠤᠨᠤᠭ᠎ᠠ ᠶᠢᠨ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠬᠤ ᠶᠢᠨ ᠬᠠᠮᠲᠤ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠤᠳᠠᠯᠳᠤᠨ ᠠᠪᠬᠤ ᠪᠠ ᠬᠤᠳᠠᠯᠳᠤᠬᠤ ᠲᠡᠷᠭᠡ ᠬᠥᠰᠬᠡ ᠲᠠᠢ ᠣᠶᠢᠷᠠᠳᠬᠤ ᠶᠢ ᠬᠤᠷᠢᠭᠯᠠᠵᠤ᠂ ᠬᠠᠯᠳᠠᠪᠤᠷᠢᠲᠤ ᠡᠪᠡᠳᠴᠢᠨ ᠤ ᠲᠠᠷᠬᠠᠬᠤ ᠶᠢ ᠰᠡᠷᠭᠡᠶᠢᠯᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号