︽ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠥᠰᠦᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ︽ᠪᠦᠬᠦ ᠣᠷᠣᠨ ᠤ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ︵2020 ᠣᠨ ᠤ ᠬᠡᠪᠯᠡᠯ︶ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠪᠡᠯ᠂ ᠪᠠᠲᠤᠬᠠᠭᠠᠯᠭ᠎ᠠ ᠪᠠᠯᠭᠠᠰᠤ | ᠪᠥᠬᠦ ᠣᠷᠣᠨ ᠤ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠢᠳᠡᠪᠬᠢᠲᠡᠶ ᠪᠠᠷ ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠰᠦᠯᠵᠢᠶ᠎ᠡ ᠪᠠᠷ ᠳᠠᠮᠵᠢᠭᠤᠯᠤᠨ 2 ᠲᠥᠷᠥᠯ ᠵᠦᠶ᠋ᠯ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠶᠢ ᠪᠡᠶᠡᠯᠡᠭᠦᠯᠵᠦ᠂ | ᠪᠥᠬᠦ ᠬᠤᠰᠢᠭᠤᠨ ᠤ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠶᠢ ᠤᠷᠤᠭᠰᠢᠲᠠᠶ ᠬᠡᠷᠡᠭᠵᠢᠭᠦᠯᠬᠦ ᠶᠢ ᠦᠨᠡᠨ | ᠬᠦ ᠪᠠᠲᠤᠯᠠᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠰᠦᠯᠵᠢᠶ᠎ᠡ ᠪᠠᠷ ᠳᠡᠮᠵᠢᠨ᠂ | ᠪᠠᠲᠤᠬᠠᠭᠠᠯᠭ᠎ᠠ ᠪᠠᠯᠭᠠᠰᠤ ᠬᠤᠳᠠᠯᠳᠤᠨ ᠠᠪᠠᠨ᠋ᠥ ᠰᠠᠨᠠᠮᠵᠢ ᠪᠠᠨ ᠴᠠᠭ ᠲᠤᠬᠠᠶ ᠳᠤᠨᠢ ᠨᠡᠶᠢᠲᠡᠯᠡᠵᠦ᠂ ᠬᠤᠳᠠᠯᠳᠤᠨ | ᠠᠪᠠᠨ᠋ᠥ ᠲᠥᠯᠥᠪᠯᠡᠭᠡ ᠲᠣᠭᠲᠠᠭᠠᠨ᠂ ᠭᠡᠷ᠎ᠡ ᠲᠣᠭᠲᠠᠭᠠᠬᠤ᠂ ᠬᠠᠮᠢᠶᠠᠷᠬᠤ᠂ ᠵᠠᠷᠤᠳᠠᠯ ᠥᠭᠬᠦ᠂ ᠭᠡᠷ᠎ᠡ ᠭᠦᠶ᠋ᠴᠡᠳᠬᠡᠬᠦ ᠶᠢ | ᠰᠢᠯᠭᠠᠨ ᠠᠪᠬᠤ ᠵᠡᠷᠭᠡ ᠠᠴᠠ ᠴᠥᠮ ᠡᠯᠤᠺᠲᠷᠤᠨᠴᠢᠯᠠᠬᠰᠠᠨ ᠠᠷᠭ᠎ᠠ ᠮᠠᠶ᠋ᠢᠭ ᠢᠶᠠᠷ ᠪᠡᠶᠡᠯᠡᠭᠦᠯᠵᠦ᠂ ᠮᠠᠨ ᠤ | ᠪᠠᠯᠭᠠᠰᠤᠨ ᠤ ᠡᠯᠤᠺᠲᠷᠤᠨᠴᠢᠯᠠᠬᠰᠠᠨ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠳᠡᠯᠭᠡᠷᠡᠭᠦᠯᠦᠨ ᠬᠡᠷᠡᠭᠯᠡᠬᠦ | ᠲᠠᠯ᠎ᠠ ᠪᠠᠷ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠪᠠᠷ | ᠳᠠᠮᠵᠢᠭᠤᠯᠤᠨ ᠤᠯᠠᠮᠵᠢᠯᠠᠯᠲᠤ ᠬᠡᠯᠡᠯᠴᠡᠭᠡᠷ ᠢᠶᠠᠷ ᠪᠠᠷᠠᠭ᠎ᠠ ᠬᠠᠩᠭᠠᠬᠤ ᠵᠠᠭᠪᠤᠷ ᠢ ᠠᠯᠬᠤᠮ ᠠᠯᠬᠤᠮ ᠢᠶᠠᠷ | ᠣᠷᠣᠯᠠᠭᠤᠯᠪᠠ᠂ ︽ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠬᠤ︾ ᠰᠢᠨ᠎ᠡ ᠪᠠᠶᠢᠳᠠᠯ ᠳᠤ | ᠵᠣᠬᠢᠴᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠲᠠᠯᠪᠢᠬᠤ ᠬᠠᠮᠢᠶᠠᠷᠬᠤ ᠦᠢᠯᠡᠴᠢᠯᠡᠬᠦ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠵᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠬᠤᠳᠠᠯᠳᠤᠨ ᠠᠪᠬᠤ ᠢᠯᠡ | ᠲᠣᠳᠣ ᠵᠢᠨᠬᠡᠮᠵᠢᠶ᠎ᠡ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠨᠡᠩ ᠤᠯᠠᠨ | ᠰᠣᠩᠭᠤᠯᠲᠠ ᠲᠠᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠴᠢᠨᠠᠭᠰᠢᠳᠠ | ᠰᠢᠯᠢᠳᠡᠭᠵᠢᠭᠦᠯᠬᠦ ᠳᠤ ᠰᠠᠭᠤᠷᠢ ᠲᠠᠯᠪᠢᠵᠤ ᠥᠭᠴᠡᠢ᠃ | |