ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠪᠠᠶ ᠵᠢᠶᠦ᠋ᠨ ᠨᠡᠷ ᠴᠠᠭᠠᠨᠬᠠᠳᠠ ᠰᠤᠮᠤ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ
ᠨᠡᠶᠢᠲᠡᠯᠡᠭᠰᠡᠨ ᠴᠠᠭ᠄
2021/3/16
     ᠮᠠᠯ ᠠᠵᠤ ᠠᠬᠤᠶ ᠶᠢᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠮᠠᠯᠴᠢᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ᠂ 2021 ᠣᠨ ᠤ 3 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠪᠠᠶ ᠵᠢᠶᠦ᠋ᠨ᠂ ᠾᠧᠨᠠᠨ ᠤ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠨ ᠨᠠᠷ ᠴᠠᠭᠠᠨᠬᠠᠳᠠ ᠰᠤᠮᠤᠨ ᠳᠤ ᠭᠦᠨᠵᠡᠭᠡᠶᠢᠷᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠶ᠋ᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠳᠠᠬ ᠤᠨ ᠬᠠᠷᠪᠠᠭ᠎ᠠ ᠭᠠᠴᠠᠭ᠎ᠠ ᠶᠢᠨ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠥᠪ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠲᠡᠵᠢᠭᠡᠨ ᠦᠷᠡᠵᠢᠭᠦᠯᠬᠦ ᠲᠥᠪ ᠤᠨ ᠦᠬᠡᠷ ᠬᠤᠨᠢᠨ ᠤ ᠲᠤᠭ᠎ᠠ᠂ ᠭᠠᠷᠭᠠᠯᠲᠠ ᠶᠢᠨ ᠪᠠᠶᠢᠳᠠᠯ ᠵᠢᠴᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠭᠦᠯᠳᠡᠷ᠂ ᠬᠡᠪᠴᠢᠶ᠎ᠡ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ᠂ ᠲᠡᠵᠢᠭᠡᠨ ᠦᠷᠡᠵᠢᠭᠦᠯᠬᠦ ᠦᠷ᠎ᠡ ᠠᠰᠢᠭ ᠵᠡᠷᠭᠡ ᠠᠭᠤᠯᠭ᠎ᠠ ᠶᠢ ᠨᠠᠷᠢᠨ ᠠᠰᠠᠭᠤᠨ ᠯᠠᠪᠯᠠᠭᠰᠠᠨ ᠪᠥᠭᠡᠳ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠾᠧᠨᠠᠨ ᠤ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠨ ᠲᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠵᠢᠴᠢ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠵᠥᠪᠳᠡᠯᠴᠡᠨ ᠶᠠᠷᠢᠯᠴᠠᠵᠤ᠂ ᠮᠠᠯ ᠠᠵᠤ ᠠᠬᠤᠶ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠮᠠᠯ ᠠᠵᠤ ᠠᠬᠤᠶ ᠶᠢᠨ ᠬᠥᠭᠵᠢᠯᠲᠡ ᠶᠢᠨ ᠤᠷᠤᠭᠰᠢᠯᠠᠬᠤ ᠵᠠᠮ ᠢ ᠬᠠᠮᠲᠤ ᠪᠠᠷ ᠡᠷᠢᠯᠬᠢᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号