ᠯᠢᠦ ᠬᠠᠶ ᠴᠢᠤᠸᠠᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/3/16
    
     3 ᠰᠠᠷ᠎ᠠ ᠶᠢᠨ 11 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠢᠯᠠᠩᠭᠤᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠤᠱᠯᠠᠭᠤᠯᠵᠤ᠂ ᠮᠠᠨ ᠤ ᠬᠤᠰᠢᠭᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠢ ᠵᠢᠯᠣᠭᠤᠳᠤᠨ ᠰᠢᠨ᠎ᠡ ᠬᠥᠭᠵᠢᠯᠲᠡ ᠶᠢᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠨ᠎ᠠ᠃ ᠪᠥᠬᠦ ᠬᠤᠰᠢᠭᠤ ᠪᠠᠷ ᠢᠶᠠᠨ ᠵᠠᠪᠠᠯ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠢᠯᠠᠩᠭᠤᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠬᠠᠮᠤᠭ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ᠂ ᠬᠠᠮᠤᠭ ᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠲᠠᠯ᠎ᠠ ᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠦᠢᠯ ᠵᠤᠷᠪᠤᠰ ᠳᠠᠷᠠᠭᠠᠯᠠᠨ ᠬᠡᠮᠵᠢᠶᠡᠵᠢᠭᠦᠯᠦᠨ ᠪᠣᠳᠠᠲᠠᠶᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠨᠠᠷᠢᠨ ᠬᠢᠨᠠᠮᠠᠭᠠᠢ ᠨᠡᠯᠢᠶᠡᠳ ᠦᠨᠡᠨ ᠣᠪᠣᠷ ᠢᠶᠠᠷ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠪᠣᠳᠠᠲᠠᠢ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠨᠡᠨᠬᠦ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠪᠠ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠢᠯᠡᠷᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠣᠨᠴᠠᠯᠢᠭ ᠢ ᠭᠦᠨᠵᠡᠭᠡᠶ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠶᠢ ᠠᠳᠬᠤᠵᠤ᠂ ︽ᠲᠦᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ  ᠰᠢᠰᠲ᠋ᠧᠮ︾ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠤᠮᠳᠠ ᠣᠷᠣᠬᠤ ᠪᠠ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠬᠤ ᠤᠬᠠᠮᠰᠠᠷ ᠤᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠪᠣᠯᠤᠨ ᠰᠣᠶᠣᠯ ᠤᠨ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ ᠢ ᠶᠡᠬᠡᠪᠡᠷ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠦᠲᠦᠮᠵᠢᠲᠡᠢ ᠥᠷᠨᠢᠭᠦᠯᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠬᠠᠷ᠎ᠠ ᠲᠡᠷᠢᠭᠦᠲᠡᠨ᠂ ᠠᠳᠠᠷ ᠬᠠᠭᠠᠯᠪᠤᠷᠢᠯᠠᠬᠤ ᠦᠬᠡᠷ᠂ ᠠᠷᠠᠯ ᠤᠨ ᠱᠠᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠠᠮᠢ ᠴᠦᠯᠡᠬᠦ︾᠂ ︽ᠪᠤᠯᠢᠶᠠᠯᠳᠤᠬᠤ︾᠂ ︽ᠪᠣᠳᠠᠲᠠᠢ︾ ᠪᠠᠶᠢᠬᠤ ᠴᠤᠭ ᠰᠦᠯᠳᠡ ᠪᠠᠷ ᠠᠷᠭ᠎ᠠ ᠪᠤᠳᠤᠯᠭ᠎ᠠ ᠲᠣᠭᠲᠠᠭᠠᠭᠰᠠᠨ ᠤ ᠳᠠᠷᠠᠭ᠎ᠠ ᠬᠢᠵᠦ᠂ ᠠᠷᠭ᠎ᠠ ᠪᠤᠳᠤᠯᠭ᠎ᠠ ᠲᠣᠭᠲᠠᠭᠠᠬᠤ ᠳᠠᠭᠠᠨ ᠲᠦᠷᠭᠡᠨ ᠬᠢᠵᠦ᠂ ᠡᠯ᠎ᠡ ᠵᠦᠢᠯ ᠤᠨ ᠡᠭᠦᠷᠭᠡ ᠶᠢ ᠪᠠᠭ᠎ᠠ ᠰᠠᠭ᠎ᠠ ᠨᠠᠶᠢᠳᠠᠪᠤᠷᠢᠵᠢᠭᠤᠯᠵᠤ ᠨᠠᠷᠢᠨ ᠨᠢᠮᠪᠠᠢ ᠨᠠᠶᠢᠳᠠᠪᠤᠷᠢᠵᠢᠭᠤᠯᠬᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号