ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠤᠨ᠎ᠠ — ᠪᠣᠬᠢᠷᠲᠤᠯ ᠦᠭᠡᠢ ᠠᠵᠢᠯᠯᠠᠭ᠎ᠠ ᠶᠢ ᠬᠠᠮᠲᠤᠪᠠᠷ ᠦᠢᠯᠡᠳᠦᠯᠭᠡᠵᠢᠭᠦᠯᠵᠦ ᠬᠤᠪᠢᠰᠬᠠᠯ ᠤᠨ ᠭᠡᠷ ᠣᠷᠣᠨ ᠢ ᠪᠦᠳᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/3/17
     3 ᠰᠠᠷ᠎ᠠ ᠶᠢᠨ 12 ᠤᠨ ᠡᠳᠦᠷ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ 43 ᠵᠢᠯ ᠤᠨ ᠣᠶ ᠪᠣᠯᠬᠤ ᠭᠡᠵᠦ ᠪᠠᠶᠢᠭ᠎ᠠ ᠦᠶ᠎ᠡ ᠳᠤ᠂ ᠪᠠᠲᠤᠬᠠᠭᠠᠯᠭ᠎ᠠ ᠪᠠᠯᠭᠠᠰᠤ ᠶᠢᠨ ᠬᠥᠬᠡᠬᠤᠲᠠ ᠶᠢᠨ ᠮᠤᠨᠠ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ᠂ ᠰᠠᠭᠤᠭᠠᠯᠢ ᠠᠷᠠᠳ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ 20 ᠭᠠᠷᠤᠢ ᠬᠥᠮᠦᠰ ᠢ ᠵᠣᠬᠢᠶᠠᠨ ᠪᠠᠶᠢᠭᠤᠯᠤᠨ ᠥᠪᠡᠷᠮᠢᠴᠡ ᠣᠨᠴᠠᠯᠢᠭ ᠲᠠᠢ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠤᠨ᠎ᠠ — ᠪᠣᠬᠢᠷᠲᠤᠯ ᠦᠭᠡᠢ ᠠᠵᠢᠯᠯᠠᠭ᠎ᠠ ᠶᠢ ᠬᠠᠮᠲᠤᠪᠠᠷ ᠦᠢᠯᠡᠳᠦᠯᠭᠡᠵᠢᠭᠦᠯᠵᠦ ᠬᠤᠪᠢᠰᠬᠠᠯ ᠤᠨ ᠭᠡᠷ ᠣᠷᠣᠨ ᠢᠶᠠᠨ ᠪᠦᠳᠦᠬᠡᠨ ᠪᠠᠶᠢᠭᠤᠯᠬᠤ︾ ᠮᠣᠳᠣ ᠲᠠᠷᠢᠬᠤ ᠪᠠᠶᠠᠷ ᠤᠨ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶᠢᠯᠡᠨ ᠵᠠᠬᠢᠷᠬᠤ ᠦᠢᠯᠡᠳᠦᠯ ᠢ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠲᠠᠷᠬᠠᠨ ᠮᠤᠤᠮᠢᠩᠭᠠᠨ ᠢ ᠪᠦᠳᠦᠬᠡᠨ ᠪᠠᠶᠢᠭᠤᠯᠬᠤ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠵᠡᠢ᠃
      ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠮᠣᠳᠣ ᠳᠠᠷᠢᠬᠤ ᠪᠠᠶᠠᠷ ᠤᠨ ᠢᠷᠡᠯᠲᠡ ᠶᠢ ᠲᠠᠶᠢᠯᠪᠤᠷᠢᠯᠠᠨ ᠥᠭᠴᠦ᠂ ᠡᠭᠦᠨ ᠤ ᠬᠠᠮᠲᠤ ᠤᠯᠠᠨ ᠳᠤ ᠮᠣᠳᠣ ᠲᠠᠷᠢᠬᠤ ᠪᠠᠶᠠᠷ ᠤᠨ ᠰᠠᠨᠠᠭᠠᠴᠢᠯᠠᠭ᠎ᠠ ᠶᠢᠨ ᠪᠢᠴᠢᠭ᠂ ᠬᠤᠭ ᠨᠣᠪᠰᠢ ᠶᠢ ᠲᠦᠷᠦᠯ ᠬᠤᠪᠢᠶᠠᠬᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠵᠤ᠂ ᠨᠠᠮ ᠤᠨ ᠭᠡᠰᠢᠭᠦᠨ᠂ ᠰᠠᠭᠤᠭᠠᠯᠢ ᠠᠷᠠᠳ ᠢ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠨᠢᠭᠡ ᠰᠠᠭᠤᠷᠢ ᠮᠣᠳᠣ ᠢᠯᠡᠭᠦᠦ ᠲᠠᠷᠢᠵᠦ᠂ ᠬᠤᠭ ᠨᠣᠪᠰᠢ ᠶᠢ ᠳᠤᠲᠠᠭᠤ ᠬᠠᠶᠠᠵᠤ᠂ ᠨᠢᠭᠡ ᠡᠪᠡᠰᠦ ᠨᠢᠭᠡ ᠮᠣᠳᠣ ᠶᠢ ᠬᠠᠶᠢᠷᠠᠯᠠᠨ ᠬᠠᠮᠠᠭᠠᠯᠠᠵᠤ᠂ ᠪᠣᠬᠢᠷᠲᠤᠯ ᠦᠭᠡᠢ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠤᠯᠠᠮᠵᠢᠯᠠᠵᠤ᠂ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠪᠣᠳᠠᠲᠤ ᠠᠵᠢᠯᠯᠠᠭ᠎ᠠ ᠪᠠᠷ ᠢᠶᠠᠨ ᠤᠬᠠᠮᠰᠠᠷ ᠠᠴᠠ ᠪᠠᠨ ᠣᠷᠴᠢᠨ ᠲᠣᠭᠤᠷᠢᠨ ᠢ ᠬᠠᠮᠠᠭᠠᠯᠠᠬᠤ ᠶᠢ ᠰᠠᠨᠠᠭᠠᠴᠢᠯᠠᠬᠤ ᠶᠢ ᠤᠷᠢᠶᠠᠯᠠᠪᠠ᠃ ᠲᠤᠰ ᠠᠵᠢᠯᠯᠠᠭ᠎ᠠ ᠳᠤ ᠨᠠᠮ ᠤᠨ ᠭᠡᠰᠢᠭᠦᠨ᠂ ᠰᠠᠭᠤᠭᠠᠯᠢ ᠠᠷᠠᠳ ᠢ ᠭᠡᠷ ᠤᠨ ᠢᠶᠠᠨ ᠬᠠᠶᠠᠭᠳᠠᠮᠠᠯ ᠴᠠᠭᠠᠰᠤᠨ ᠬᠠᠶᠢᠷᠴᠠᠭ᠂ ᠤᠮᠳᠠᠭᠠᠨ ᠤ ᠯᠣᠩᠬᠤ ᠵᠡᠷᠭᠡ ᠪᠠᠷ ᠨᠣᠭᠤᠭᠠᠨ ᠤᠷᠭᠤᠮᠠᠯ ᠰᠣᠯᠢᠵᠤ ᠠᠪᠴᠢᠷᠠᠬᠤ ᠶᠢ ᠤᠷᠢᠶᠠᠯᠠᠵᠤ᠂ ᠰᠠᠭᠤᠭᠠᠯᠢ ᠠᠷᠠᠳ ᠲᠤ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠤᠢᠢᠯᠠᠭᠠᠭᠳᠠᠬᠤᠨ ᠢ ᠳᠠᠮᠵᠢᠭᠤᠯᠵᠤ᠂ ᠤᠯᠠᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ᠂ ᠭᠡᠷ ᠪᠦᠯᠢ ᠨᠢᠭᠡᠪᠦᠷᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠭᠠᠬᠤ ᠶᠢ ᠤᠷᠢᠶᠠᠯᠠᠪᠠ᠃
      ᠤᠯᠠᠭᠠᠨ ᠦᠩᠭᠡ ᠪᠠᠷ ︽︿ᠪᠣᠬᠢᠷᠲᠤᠯ ᠦᠭᠡᠢ﹀ ᠶᠢ ᠳᠠᠶᠢᠴᠢᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠤᠨ᠎ᠠ᠂ ᠳᠠᠷᠠᠭᠠᠴᠢ ᠶᠢᠨ ᠠᠯᠬᠤᠮ ᠳᠤ ᠪᠠᠲᠤᠬᠠᠭᠠᠯᠭ᠎ᠠ ᠪᠠᠯᠭᠠᠰᠤ ᠶᠢᠨ ᠨᠠᠮ ᠤᠨ  ᠬᠤᠷᠢᠶ᠎ᠠ ᠠᠴᠠ ᠡᠯᠪᠡᠭ ᠪᠠᠶᠠᠯᠢᠭ ᠠᠭᠤᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠪᠣᠯᠤᠨ ᠰᠠᠭᠤᠭᠠᠯᠢ ᠠᠷᠠᠳ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠶᠢᠨ ᠲᠤᠬᠠᠢ ᠲᠠᠨᠢᠯᠲᠠ ᠶᠢ ᠴᠢᠨᠠᠭᠰᠢᠳᠠ ᠴᠢᠩᠭᠠᠳᠬᠠᠵᠤ᠂ ︽ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠠᠮᠢ ᠨᠠᠰᠤᠨ ᠳᠤ ᠬᠠᠨᠳᠤᠬᠤ ᠲᠠᠢ ᠠᠳᠠᠯᠢ ᠪᠠᠷ ᠠᠮᠢ ᠠᠬᠤᠢ ᠶᠢᠨ ᠣᠷᠴᠢᠨ ᠲᠣᠭᠤᠷᠢᠨ ᠳᠤ ᠬᠠᠨᠳᠤᠨ᠎ᠠ︾᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠥᠪᠡᠷ ᠤᠨ ᠪᠠᠭ᠎ᠠ ᠰᠠᠭ᠎ᠠ ᠴᠢᠷᠮᠠᠶᠢᠯᠭ᠎ᠠ ᠪᠠᠷ ᠢᠶᠠᠨ ᠣᠷᠴᠢᠨ ᠲᠣᠭᠤᠷᠢᠨ ᠢ ᠬᠠᠮᠠᠭᠠᠯᠠᠬᠤ ᠤᠷᠤᠰᠬᠠᠯ ᠢ ᠨᠢᠭᠲᠠᠷᠠᠭᠤᠯᠵᠤ᠂ ᠨᠡᠶᠢᠭᠡᠮ ᠲᠣᠭᠤᠷᠢᠭ ᠢ ᠳᠤᠯᠠᠭᠠᠬᠠᠨ ᠡᠶ᠎ᠡ ᠵᠣᠬᠢᠴᠠᠩᠭᠤᠢ ᠂ ᠪᠠᠶᠢᠭᠠᠯᠢ ᠶᠢ ᠨᠠᠮ ᠰᠡᠯᠡᠭᠦᠨ ᠦᠵᠡᠰᠬᠦᠯᠡᠩᠲᠦ ᠰᠠᠶᠢᠬᠠᠨ ᠪᠣᠯᠭᠠᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号