ᠮᠤᠩᠭᠤᠯ ᠰᠤᠷᠭᠠᠭᠤᠯᠢ ᠬᠢᠴᠢᠶᠡᠯ ᠢᠶᠠᠨ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2021/3/2
     3 ᠰᠠᠷ᠎ᠠ ᠶᠢᠨ1 ᠤ ᠡᠳᠦᠷ᠂ ᠮᠠᠨ ᠤ ᠬᠤᠰᠢᠭᠤᠨ ᠤ ᠮᠤᠩᠭᠤᠯ ᠰᠤᠷᠭᠠᠭᠤᠯᠢ ᠶᠢᠨ ᠰᠤᠷᠤᠭᠴᠢᠳ ᠡᠪᠦᠯ ᠤᠨ ᠠᠮᠠᠷᠠᠯᠳᠠ ᠪᠠᠨ ᠲᠠᠭᠤᠰᠠᠭᠠᠨᠳ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠦ᠂ ᠰᠢᠨ᠎ᠡ ᠰᠤᠷᠭᠠᠭᠤᠯᠢ ᠶᠢᠨ ᠬᠤᠭᠤᠴᠠᠭ᠎ᠠ ᠪᠠᠨ ᠡᠬᠢᠯᠡᠭᠦᠯᠪᠡ᠃      ᠰᠤᠷᠭᠠᠭᠤᠯᠢ ᠡᠬᠢᠯᠡᠬᠦ ᠠᠴᠠ ᠡᠮᠤᠨ᠎ᠡ ᠮᠤᠩᠭᠤᠯ ᠰᠤᠷᠭᠠᠭᠤᠯᠢ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠭᠡᠯ ᠠᠵᠢᠯ ᠢᠶᠠᠨ ᠰᠠᠶᠢᠳᠦᠷ ᠬᠢᠵᠦ᠂ ᠪᠠᠭᠰᠢ ᠠᠵᠢᠯᠳᠠᠨ ᠢᠶᠠᠨ ᠵᠤᠬᠢᠶᠠᠨ ᠪᠠᠶᠢᠭᠤᠯᠵᠦ ᠪᠤᠯᠪᠠᠰᠤᠷᠠᠯ ᠳᠤ ᠤᠷᠤᠯᠴᠠᠭᠤᠯᠤᠨ᠂ ᠪᠠᠭᠰᠢ ᠶᠢᠨ ᠦᠵᠡᠯ ᠰᠠᠨᠠᠭ᠎ᠠ ᠬᠡᠪ ᠪᠤᠯᠪᠠᠰᠤᠷᠠᠯ ᠢ  ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠢ ᠲᠡᠯᠭᠡᠷᠡᠭᠦᠯᠦᠨ ᠬᠡᠷᠡᠭᠵᠢᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ  ᠬᠡᠯᠡ ᠦᠰᠦᠭ ᠪᠢᠴᠢᠭ ᠤᠨ ᠵᠢᠭᠠᠨ  ᠰᠤᠷᠭᠠᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠭᠰᠠᠨ ᠪᠠᠶᠢᠨ᠎ᠠ᠃
     ᠤᠯᠤᠰ ᠤᠨ ᠨᠡᠶᠢᠳᠡᠮ  ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠬᠤ ᠪᠠ  ᠡᠵᠡᠮᠰᠢᠬᠦ ᠪᠠᠷ ᠲᠡᠮᠵᠢᠵᠦ᠂ ᠴᠢᠨᠠᠷ ᠰᠠᠶᠢᠳᠠᠢ ᠰᠤᠷᠭᠠᠭᠤᠯᠢ ᠶᠢᠨ ᠰᠤᠷᠭᠠᠨ ᠬᠦᠮᠦᠵᠢᠯ ᠢ ᠬᠦᠷᠳᠡᠬᠦ ᠪᠤᠯ ᠦᠨᠳᠦᠰᠦᠳᠡᠨ   ᠨᠦᠭᠦᠳ ᠤᠨ ᠤᠳᠤᠬᠢᠴᠢᠯᠠᠯᠳᠠ ᠶᠢᠨ ᠵᠠᠮ ᠢᠶᠠᠷ ᠭᠠᠷ ᠬᠤᠯᠪᠤᠨ ᠤᠷᠤᠭᠰᠢᠯᠠᠵᠦ᠂ ᠬᠠᠮᠳᠦ ᠪᠠᠷ ᠴᠡᠴᠡᠭᠯᠡᠨ ᠬᠦᠭᠵᠢᠬᠦ   ᠶᠢ ᠪᠡᠶᠡᠯᠡᠭᠦᠯᠬᠦ ᠵᠠᠩᠭᠢᠯᠭ᠎ᠠ ᠮᠦᠨ᠃      ᠰᠤᠷᠭᠠᠭᠤᠯᠢ ᠶᠢᠨ ᠬᠦᠷᠢᠶ᠎ᠡ ᠪᠤᠯ ᠮᠡᠳᠡᠯᠭᠡ ᠬᠦᠮᠦᠵᠢᠯ ᠢ ᠬᠤᠷᠮᠳᠤᠭᠤᠯᠤᠭᠰᠠ ᠡᠷᠳᠡᠮ ᠤᠨ ᠲᠠᠯᠠᠢ᠂ ᠬᠡᠤᠬᠡᠳ  ᠤᠨ ᠨᠤᠮ ᠪᠢᠴᠢᠭ ᠤᠩᠰᠢᠬᠤ ᠪᠠ ᠨᠠᠭᠠᠳᠤᠨ ᠲᠤᠭᠯᠠᠬᠤ ᠲᠠᠭᠤᠨ   ᠢᠶᠠᠷ ᠠᠮᠢᠯᠠᠳᠠᠭ ᠪᠤᠯ ᠤᠷᠢᠬᠠᠨ ᠬᠠᠪᠤᠷ ᠮᠦᠰᠢᠶᠡᠭᠰᠡᠨ ᠦᠨᠦᠳᠦᠷ ᠤᠨ ᠮᠤᠩᠭᠤᠯ ᠰᠤᠷᠭᠠᠭᠤᠯᠢ ᠶᠢᠨ ᠬᠦᠷᠢᠶᠡᠨ ᠳᠤ ᠨᠠᠷᠠᠨ ᠤ ᠠᠯᠳᠠᠨ ᠬᠢᠯᠪᠠᠭ᠎ᠠ ᠰᠠᠴᠦᠷᠠᠵᠦ ᠂ ᠨᠠᠮ ᠵᠢᠮ ᠪᠠᠶᠢᠭᠰᠠᠨ  ᠬᠢᠴᠢᠶᠡᠯ ᠤᠨ ᠦᠷᠦᠭᠡ ᠠᠮᠢᠵᠢᠷᠠᠯ ᠤᠨ ᠦᠷᠦᠭᠡ ᠠᠮᠢᠵᠢᠷᠠᠯ ᠤᠨ ᠬᠦᠴᠦᠨ ᠢᠶᠠᠷ ᠪᠢᠯᠬᠠᠪᠠ
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号