ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | | 3ᠰᠠᠷ᠎ᠠ ᠶᠢᠨ 9 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠰᠢᠤᠸᠠᠢ ᠰᠥᠩ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ | ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠵᠢᠷᠤᠮᠯᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ | ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠱᠠᠭᠠᠷᠳᠠᠯᠭ᠎ᠠ ᠶᠢ ᠪᠠᠲᠤ ᠡᠵᠡᠮᠰᠢᠵᠦ᠂ | ᠲᠡᠦᠬᠡ ᠶᠢ ᠰᠤᠷᠤᠯᠴᠠᠵᠤ ᠶᠣᠰᠣ ᠤᠴᠢᠷ ᠢ ᠮᠡᠳᠡᠬᠦ᠂ ᠲᠡᠦᠬᠡ ᠶᠢ ᠰᠤᠷᠤᠯᠴᠠᠵᠤ ᠢᠲᠡᠭᠡᠯᠴᠡᠭᠡ ᠪᠠᠨ ᠨᠡᠮᠡᠭᠳᠡᠭᠦᠯᠬᠦ᠂ | ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠬᠦᠴᠦᠯᠡᠨ ᠬᠡᠷᠡᠭᠵᠢᠭᠦᠯᠬᠦ ᠶᠢ | ᠪᠡᠶᠡᠯᠡᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠡᠷᠡᠯᠬᠡᠭᠯᠡᠨ ᠤᠷᠤᠭᠰᠢᠯᠠᠬᠤ | ᠬᠦᠴᠦᠨ ᠢ ᠰᠢᠩᠭᠡᠭᠡᠨ ᠠᠪᠴᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠡᠷᠡᠮᠡᠬᠡᠶᠢᠯᠡᠨ ᠤᠷᠤᠭᠰᠢᠯᠠᠵᠤ᠂ | ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠰᠠᠶᠢᠨ ᠦᠷ᠎ᠡ ᠪᠦᠲᠦᠮᠵᠢ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠯᠢᠳᠡᠭ ᠬᠢᠷᠢ ᠪᠦᠲᠦᠮᠵᠢ ᠪᠠᠷ | ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠬᠦ ᠬᠡᠷᠡᠭᠲᠡᠢ᠃ | | ᠣᠶᠢᠷ᠎ᠠ ᠶᠢᠨ ᠡᠳᠦᠷ ᠤᠳ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠢ ᠵᠣᠬᠢᠶᠠᠨ ᠪᠠᠶᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠵᠤ᠂ ᠪᠥᠬᠦ ᠲᠠᠯ᠎ᠠ ᠪᠠᠷ ᠭᠦᠨᠵᠡᠭᠡᠶ ᠤᠶᠢᠯᠠᠭᠠᠨ᠂ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠡᠮᠬᠢ ᠵᠢᠷᠤᠮ ᠲᠠᠢ ᠪᠦᠲᠦᠮᠵᠢᠲᠡᠶ ᠥᠷᠨᠢᠬᠦ ᠶᠢ ᠳᠥᠯᠭᠢᠨ ᠠᠬᠢᠭᠤᠯᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠨᠠᠮ ᠤᠨ | ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠭᠤᠷ ᠠᠮᠢᠰᠬᠤᠯ ᠤᠯᠠᠮ ᠢᠶᠠᠷ ᠥᠳᠬᠡᠷᠡᠪᠡ᠃ | | 3 ᠰᠠᠷ᠎ᠠ ᠶᠢᠨ 15 ᠤ ᠡᠳᠦᠷ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ | ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ | | 3 ᠰᠠᠷ᠎ᠠ ᠶᠢᠨ 15 ᠤ ᠡᠳᠦᠷ᠂ ᠠᠷᠠᠳ ᠤᠨ ᠰᠢᠭᠦᠬᠦ ᠬᠤᠷᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | | 3 ᠰᠠᠷ᠎ᠠ ᠶᠢᠨ 18 ᠤ ᠡᠳᠦᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | | 3 ᠰᠠᠷ᠎ᠠ ᠶᠢᠨ 16 ᠤ ᠡᠳᠦᠷ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ ᠨᠠᠮ ᠤᠨ | ᠡᠭᠦᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ | | 3 ᠰᠠᠷ᠎ᠠ ᠶᠢᠨ 18 ᠤ ᠡᠳᠦᠷ᠂ ᠬᠠᠩᠭᠠᠨ ᠪᠣᠷᠣᠯᠠᠭᠤᠯᠬᠤ ᠬᠤᠷᠢᠶ᠎ᠠ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | | 3 ᠰᠠᠷ᠎ᠠ ᠶᠢᠨ 15 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠡᠭᠦᠷ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | | 3 ᠰᠠᠷ᠎ᠠ ᠶᠢᠨ 11 ᠤ ᠡᠳᠦᠷ᠂ ᠰᠢᠷᠠᠮᠦᠷᠡᠨ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | | 3 ᠰᠠᠷ᠎ᠠ ᠶᠢᠨ 10 ᠤ ᠡᠳᠦᠷ᠂ ᠮᠠᠨᠳᠤᠯ ᠪᠠᠯᠭᠠᠰᠤ ᠨᠠᠮ ᠤᠨ ᠲᠡᠤᠬᠡ ᠶᠢᠨ ᠰᠤᠷᠤᠯ᠊ᠴᠠᠯᠭᠠ ᠬᠥᠮᠦᠵᠢᠯ ᠤᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠠ | | 3 ᠰᠠᠷ᠎ᠠ ᠶᠢᠨ 18 ᠤ ᠡᠳᠦᠷ᠂ ᠱᠢ ᠪᠦᠦ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | | 3 ᠰᠠᠷ᠎ᠠ ᠶᠢᠨ 18 ᠤ ᠡᠳᠦᠷ᠂ ᠦᠬᠡᠷ ᠬᠤᠳᠳᠤᠭ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ | ᠣᠳᠣᠬᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠡᠮᠬᠢ ᠵᠢᠷᠤᠮ ᠲᠠᠢ ᠠᠭᠢᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠱᠠᠭᠠᠷᠳᠠᠯᠭ᠎ᠠ ᠶᠣᠰᠣᠭᠠᠷ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠠ᠃ ᠲᠠᠷᠠᠭᠠᠴᠢ ᠶᠢᠨ | ᠠᠯᠬᠤᠮ ᠳᠤ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠨᠠᠮ ᠤᠨ | ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠡᠭᠦᠷᠭᠡ᠂ ᠬᠠᠷᠠᠯᠲᠠ ᠱᠠᠭᠠᠷᠳᠠᠯᠭ᠎ᠠ ᠶᠢᠨ | ᠲᠣᠭᠤᠷᠢᠨ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠢᠳᠡᠪᠬᠢᠲᠡᠶ ᠳᠠᠭᠠᠭᠤᠯᠤᠨ ᠨᠠᠮ ᠤᠨ | ᠵᠠᠭᠤᠨ ᠵᠢᠯ ᠤᠨ ᠲᠡᠮᠡᠴᠡᠯ ᠤᠨ ᠲᠡᠤᠬᠡ ᠶᠢ ᠣᠶᠢᠯᠠᠭᠠᠵᠤ᠂ ᠨᠠᠮ ᠤᠨ ᠲᠡᠤᠬᠡ ᠶᠢ ᠰᠤᠷᠤᠯᠴᠠᠬᠤ᠂ ᠦᠵᠡᠯ ᠰᠠᠨᠠᠭ᠎ᠠ ᠶᠢ | ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠪᠡᠶᠡᠯᠡᠭᠦᠯᠵᠦ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠳᠠᠷᠬᠠᠨ ᠮᠤᠤᠮᠢᠩᠭᠠᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ | |