ᠳᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠪᠢ ᠴᠢᠮᠠᠶᠢ ᠬᠠᠪᠰᠤᠷᠤᠨ᠎ᠠ︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/24
     3 ᠰᠠᠷ᠎ᠠ ᠶᠢᠨ 22 ᠤᠨ ᠡᠳᠦᠷ᠂ ᠳᠠᠷᠬᠠᠨ ᠮᠤᠤᠮᠢᠩᠭᠠᠨ ᠬᠤᠰᠢᠭᠤ ᠬᠤᠷᠠᠯ ᠤᠨ ᠶᠠᠪᠤᠳᠠᠯ ᠤᠨ ᠲᠥᠪ ᠲᠤ ︽ᠪᠢ ᠴᠢᠮᠠᠶᠢ ᠬᠠᠪᠰᠤᠷᠤᠨ᠎ᠠ︾ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠬᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃
      ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ᠂ ᠣᠶᠤᠨ ᠤ ᠪᠣᠯᠪᠠᠰᠤᠨ ᠤ ᠵᠥᠪᠯᠡᠯ ᠤᠨ ᠡᠷᠬᠢᠯᠡᠭᠴᠢ ᠵᠠᠩ ᠪᠠᠭᠠᠨ᠎ᠠ ᠬᠤᠷᠠᠯ ᠢ ᠡᠷᠭᠢᠯᠡᠵᠦ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠩᠭᠤᠸ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠬᠤᠤ ᠮᠤᠤ ᠱᠧᠩ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠬᠠᠷᠢᠭᠤᠴᠠᠯᠭᠠᠲᠤ ᠨᠢᠭᠡᠴᠡ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠮᠠᠨ ᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠡᠨᠡ ᠬᠦ ᠭᠤᠤᠯ ᠰᠡᠳᠦᠪ ᠢ ᠳᠣᠪᠤᠶᠢᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠡᠨᠡ ᠬᠦ ᠭᠤᠤᠯ ᠱᠤᠭᠤᠮ ᠢ ᠲᠤᠤᠱᠯᠠᠭᠤᠯᠤᠨ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠠᠵᠢᠯ ᠳᠤ ᠢᠳᠡᠪᠬᠢᠲᠡᠶ ᠣᠷᠣᠯᠴᠠᠭᠤᠯᠵᠤ᠂ ︽ᠪᠢ ᠴᠢᠮᠠᠶᠢ ᠬᠠᠪᠰᠤᠷᠬᠤ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠰᠠᠶᠢᠲᠤᠷ ᠥᠷᠨᠢᠭᠦᠯᠦᠨ᠎ᠡ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳᠠᠷᠮᠤᠤ ᠶᠢ ᠪᠥᠲᠥᠭᠡᠨ ᠪᠠᠶᠢᠭᠤᠯᠬᠤ ᠰᠢᠨ᠎ᠡ ᠠᠶᠠᠨ ᠢ ᠴᠢᠷᠮᠠᠶᠢᠨ ᠡᠬᠢᠯᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号