ᠡᠨᠡ 100 ᠠᠵᠢᠯ ᠲᠦᠷᠦᠯ ᠳᠤ ᠬᠦᠮᠦᠨ ᠬᠠᠮᠤᠭ ᠡᠴᠡ‌‍ᠲ᠋ᠤᠲᠠᠭᠳᠠᠵᠤ ᠪᠠᠶᠢᠨ᠎ᠠ︕
ᠨᠡᠶᠢᠲᠡᠯᠡᠭᠰᠡᠨ ᠴᠠᠭ᠄
2021/3/24
     ᠰᠢᠨᠬᠤᠸᠠ ᠬᠤᠷᠢᠶᠠᠨ ᠤ ᠪᠡᠭᠡᠵᠢᠩ ᠤᠨ1 ᠰᠠᠷ᠎ᠠ ᠶᠢᠨ 26 ᠤ ᠡᠳᠦᠷ ᠤᠨ ᠮᠡᠳᠡᠭᠡ ︵ᠰᠤᠷᠪᠤᠯᠵᠢᠯᠠᠭᠴᠢ  ᠵᠢᠶᠠᠩ ᠯᠢᠨ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 26 ᠤ ᠡᠳᠦᠷ  ᠪᠥᠬᠦ ᠤᠯᠤᠰ ᠲᠤ ᠬᠦᠮᠦᠨ ᠬᠠᠮᠤᠭ ᠤᠨ ᠳᠤᠲᠠᠭᠳᠠᠵᠤ ᠪᠠᠶᠢᠭ᠎ᠠ 100 ᠠᠵᠢᠯ ᠲᠦᠷᠦᠯ ᠤᠨ ᠰᠢᠨ᠎ᠡ ᠨᠢᠭᠡ  ᠬᠤᠭᠤᠴᠠᠭᠠᠨ ᠤ ᠵᠢᠭᠰᠠᠭᠠᠯᠲᠠ ᠶᠢ ᠨᠡᠶᠢᠲᠡᠯᠡᠪᠡ᠃ ᠪᠣᠷᠣᠯᠠᠭᠤᠯᠤᠭᠴᠢ᠂ ᠴᠡᠪᠡᠷᠯᠡᠭᠴᠢ᠂ ᠠᠮᠤᠷ ᠢ ᠬᠠᠮᠠᠭᠠᠯᠠᠭᠴᠢ᠂  ᠲᠠᠸᠠᠷ ᠤᠨ ᠡᠵᠡᠩᠨᠡᠭᠴᠢ᠂ ᠬᠤᠭᠤᠯᠠᠨ ᠬᠡᠷ ᠤᠨ ᠦᠢᠯᠡᠴᠢᠯᠡᠭᠴᠢ᠂ ᠬᠡᠷ ᠤᠨ ᠶᠠᠪᠤᠳᠠᠯ ᠤᠨ ᠦᠢᠯᠡᠴᠢᠯᠡᠭᠴᠢ᠂  ᠵᠣᠴᠢᠳ ᠲᠤ ᠦᠢᠯᠡᠴᠢᠯᠡᠭᠴᠢ᠂ ᠲᠡᠷᠭᠡᠨ ᠤ ᠠᠵᠢᠯᠴᠢᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠴᠢ᠂  ᠭᠠᠩᠨᠠᠭᠤᠷᠴᠢᠨ ᠵᠡᠷᠭᠡ ᠨᠢ ︽ᠠᠵᠢᠯᠴᠢᠨ ᠬᠠᠮᠤᠭ ᠠᠴᠠ ᠢᠯᠡᠭᠦᠤ  ᠳᠤᠲᠠᠭᠳᠠᠬᠤ︾ ᠠᠵᠢᠯ ᠲᠦᠷᠦᠯ ᠤᠨ ᠡᠮᠦᠨ᠎ᠡ 10 ᠨᠡᠷᠡᠰ ᠲᠤ ᠪᠠᠶᠢᠷᠢᠯᠠᠵᠤ ᠪᠣᠶ᠃ 100 ᠠᠵᠢᠯ ᠲᠦᠷᠦᠯ ᠠᠴᠠ ᠦᠵᠡᠪᠡᠯ᠂ ᠲᠣᠰ ᠬᠤᠭᠤᠴᠠᠭᠠᠨ ᠤ ᠬᠥᠮᠦᠨ  ᠳᠤᠲᠠᠭᠳᠠᠵᠤ ᠪᠠᠶᠢᠭ᠎ᠠ ᠲᠤᠭ᠎ᠠ ᠬᠡᠮᠵᠢᠶ᠎ᠡ ᠪᠠ ᠬᠥᠮᠦᠨ ᠡᠷᠢᠬᠦ ᠳᠠᠬᠢᠨ ᠨᠣᠷᠮ᠎ᠠ ᠨᠢ ᠴᠥᠮ ᠵᠢᠭᠰᠠᠭᠠᠭᠰᠠᠨ ᠠᠴᠠ  ᠨᠠᠰᠢᠬᠢ ᠬᠠᠮᠤᠭ ᠤᠨ ᠥᠨᠳᠥᠷ ᠬᠡᠮᠵᠢᠭᠳᠡᠯ ᠳᠤ ᠣᠷᠣᠰᠢᠵᠤ ᠪᠠᠶᠢᠨ᠎ᠠ᠃      ᠲᠣᠰ ᠬᠤᠭᠤᠴᠠᠭᠠᠨ ᠤ ᠵᠢᠭᠰᠠᠭᠠᠯᠲᠠ ᠠᠴᠠ ᠦᠵᠡᠪᠡᠯ᠂ ᠲᠦᠷᠭᠡᠨ  ᠬᠦᠷᠭᠡᠭᠴᠢ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯᠲᠠᠨ᠂ ᠪᠣᠭᠤᠳᠠᠯᠯᠠᠬᠤ ᠠᠵᠢᠯᠴᠢᠨ᠂ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ  ᠮᠡᠷᠭᠡᠵᠢᠯ ᠤᠨ ᠠᠵᠢᠯᠲᠠᠨ᠂ ᠵᠣᠭᠤᠰ ᠬᠤᠷᠢᠶᠠᠭᠴᠢ᠂ ᠮᠠᠰᠢᠨ ᠲᠥᠬᠦᠭᠡᠷᠦᠮᠵᠢ ᠤᠭᠰᠠᠷᠠᠬᠤ ᠠᠵᠢᠯᠲᠠᠨ᠂  ᠮᠠᠰᠢᠨ ᠦᠢᠯᠡᠳᠬᠦ ᠠᠵᠢᠯᠲᠠᠨ᠂  ᠴᠠᠬᠢᠯᠭᠠᠨ ᠤ ᠠᠵᠢᠯᠴᠢᠨ᠂ ᠳᠠᠭᠠᠳᠬᠠᠯ ᠤᠨ ᠣᠷᠣᠯᠠᠭᠴᠢ  ᠵᠡᠷᠭᠡ ᠶᠢᠨ  ᠲᠤᠲᠠᠭᠳᠠᠵᠤ  ᠪᠠᠶᠢᠭ᠎ᠠ  ᠬᠡᠮᠵᠢᠶ᠎ᠡ ᠨᠢ  ᠴᠦ ᠡᠮᠦᠨ᠎ᠡ ᠡᠩᠨᠡᠭᠡᠨ ᠳᠤ ᠵᠢᠭᠰᠠᠭᠠᠭᠳᠠᠵᠤ ᠪᠠᠶᠢᠨ᠎ᠠ᠃      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠣᠨᠢᠨ ᠮᠡᠳᠡᠭᠡᠨ ᠤ  ᠥᠭᠦᠯᠡᠭᠴᠢ ᠯᠦ ᠠᠶ ᠬᠤᠩ  ᠵᠠᠳᠠᠯᠬᠤ ᠳᠠᠭᠠᠨ᠂ ᠦᠢᠯᠡᠳᠬᠦ  ᠦᠢᠯᠡᠰ ᠤᠨ  ᠴᠢᠳᠠᠪᠤᠷᠢᠲᠠᠨ ᠤ ᠬᠡᠷᠡᠭᠴᠡᠭᠡ  ᠦᠷᠭᠦᠯᠵᠢᠯᠡᠨ  ᠬᠥᠭᠵᠢᠩᠭᠦᠶ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠰᠢᠨ᠎ᠡ ᠪᠠᠷ ᠵᠢᠭᠰᠠᠭᠠᠭᠰᠠᠨ 25 ᠠᠵᠢᠯ ᠲᠥᠷᠥᠯ ᠤᠨ ᠳᠣᠲᠣᠷ᠎ᠠ᠂ 15 ᠨᠢ  ᠦᠢᠯᠡᠳᠬᠦ ᠦᠢᠯᠡᠰ ᠲᠠᠢ ᠰᠢᠭᠤᠳ ᠬᠤᠯᠪᠣᠭ᠎ᠠ ᠲᠠᠢ᠂ ᠡᠭᠦᠨ ᠳᠤ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠤᠨ ᠮᠡᠷᠭᠡᠵᠢᠯᠲᠡᠨ᠂ ᠮᠠᠰᠢᠨ ᠲᠡᠷᠭᠡᠨ ᠤ ᠢᠨᠵᠧᠨᠧᠷᠢᠩ ᠤᠨ ᠮᠡᠷᠭᠡᠵᠢᠯᠲᠡᠨ᠂  ᠴᠢᠳᠬᠤᠬᠤ ᠠᠵᠢᠯᠴᠢᠨ᠂ ᠲᠡᠮᠦᠷᠯᠢᠭ ᠤᠨ ᠢᠯᠴᠢ ᠰᠢᠢᠳᠪᠦᠷᠢᠯᠡᠬᠦ ᠠᠵᠢᠯᠴᠢᠨ ᠵᠡᠷᠭᠡ ᠪᠠᠭᠲᠠᠨ᠎ᠠ᠃ ᠳᠤᠲᠠᠭᠳᠠᠵᠤ  ᠪᠠᠶᠢᠭ᠎ᠠ ᠬᠡᠮᠵᠢᠶ᠎ᠡ ᠨᠢ ᠨᠡᠮᠡᠭᠳᠡᠭᠰᠡᠨ 34 ᠠᠵᠢᠯ ᠲᠥᠷᠥᠯ ᠤᠨ ᠳᠣᠲᠣᠷ᠎ᠠ᠂ 16 ᠠᠵᠢᠯ ᠮᠡᠷᠭᠡᠵᠢᠯ ᠨᠢ ᠦᠢᠯᠡᠳᠬᠦ  ᠦᠢᠯᠡᠰ ᠲᠠᠢ ᠰᠢᠭᠤᠳ ᠬᠤᠯᠪᠣᠭ᠎ᠠ ᠲᠠᠢ ᠪᠠᠶᠢᠳᠠᠭ᠂ ᠵᠢᠱᠢᠶᠡᠯᠡᠪᠡᠯ ᠪᠣᠯᠣᠳ ᠰᠢᠷᠪᠥᠰᠥᠨ ᠤ  ᠠᠵᠢᠯᠴᠢᠨ᠂ ᠮᠠᠰᠢᠨ  ᠵᠠᠰᠠᠬᠤ ᠥᠷᠥᠯᠪᠢ ᠶᠢᠨ ᠠᠵᠢᠯᠴᠢᠨ᠂ ᠨᠡᠬᠡᠮᠡᠯ ᠪᠤᠳᠤᠬᠤ ᠠᠵᠢᠯᠴᠢᠨ ᠵᠡᠷᠭᠡ ᠪᠣᠯᠤᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠪᠠᠶᠢᠩᠭᠤᠵᠢᠭᠤᠯᠤᠭᠰᠠᠨ ᠨᠥᠬᠦᠴᠡᠯ ᠳᠣᠣᠷ᠎ᠠ᠂ ᠨᠡᠶᠢᠭᠡᠮ ᠤᠨ ᠬᠠᠮᠢᠶᠠᠷᠤᠯᠲᠠ ᠪᠣᠯᠤᠨ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢᠲᠠᠨ ᠤ ᠬᠡᠷᠡᠭᠴᠡᠭᠡ  ᠴᠦ  ᠨᠡᠮᠡᠭᠳᠡᠵᠦ ᠪᠠᠶᠢᠨ᠎ᠠ᠃ ᠠᠮᠤᠷ ᠢ ᠬᠠᠮᠠᠭᠠᠯᠠᠬᠤ ᠬᠠᠮᠢᠶᠠᠷᠤᠭᠴᠢ᠂ ᠠᠮᠤᠷ ᠢ ᠬᠠᠮᠠᠭᠠᠯᠠᠭᠴᠢ᠂ ᠨᠡᠶᠢᠭᠡᠮ  ᠲᠣᠭᠤᠷᠢᠭ ᠤᠨ  ᠠᠵᠢᠯᠲᠠᠨ᠂ ᠠᠰᠠᠷᠠᠭᠴᠢ᠂ ᠨᠠᠰᠤᠲᠠᠨ ᠠᠰᠠᠷᠠᠭᠴᠢ᠂ ᠳᠤᠮᠳᠠᠳᠤ ᠰᠤᠷᠭᠠᠭᠤᠯᠢ ᠶᠢᠨ ᠪᠠᠭᠰᠢ ᠵᠡᠷᠭᠡ ᠠᠵᠢᠯ  ᠲᠦᠷᠦᠯ ᠤᠨ ᠵᠢᠭᠰᠠᠭᠠᠯᠲᠠ ᠳᠠᠬᠢ ᠪᠠᠶᠢᠷᠢ ᠳᠡᠭᠡᠭᠰᠢᠯᠡᠪᠡ᠃ ᠨᠢᠯᠬ᠎ᠠ ᠬᠡᠤᠬᠡᠳ ᠤᠨ ᠬᠥᠭᠵᠢᠯᠲᠡ ᠶᠢ ᠬᠥᠲᠥᠯᠥᠨ  ᠵᠢᠯᠣᠭᠤᠳᠣᠭᠴᠢ᠂ ᠥᠨᠥᠴᠢᠨ ᠵᠡᠮᠳᠡᠭ ᠬᠡᠤᠬᠡᠳ ᠤᠨ ᠠᠰᠠᠷᠠᠭᠴᠢ ᠠᠩᠬ᠎ᠠ ᠤᠳᠠᠭ᠎ᠠ ᠵᠢᠭᠰᠠᠭᠠᠯᠲᠠ ᠳᠤ ᠣᠷᠣᠪᠠ᠃  ᠨᠠᠷᠢᠨ ᠵᠢᠭᠰᠠᠭᠠᠯᠲᠠ ᠶᠢ ᠬᠥᠮᠦᠨ ᠤ ᠬᠦᠴᠦᠨ ᠤ ᠡᠬᠢ ᠪᠠᠶᠠᠯᠢᠭ  ᠪᠠ  ᠨᠡᠶᠢᠭᠡᠮ ᠤᠨ ᠪᠠᠲᠤᠯᠠᠭ᠎ᠠ ᠶᠢᠨ ᠶᠠᠮᠤᠨ ᠤ  ᠠᠯᠪᠠᠨ ᠰᠦᠯᠵᠢᠶ᠎ᠡ ᠠᠴᠠ ᠯᠠᠪᠯᠠᠵᠤ ᠪᠣᠯᠤᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号